ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2024︺ 27 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ︾ ᠶᠢ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2024 ᠣᠨ ᠤ 10 ᠳ᠋ᠤᠭᠠᠷ ᠰᠠᠷ᠎ᠠ ᠶᠢᠨ 16 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨᠤ | ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠪᠦᠲᠦᠮᠵᠢᠲᠡᠶ ᠰᠡᠷᠭᠡᠶᠢᠯᠡᠬᠦ ᠪᠠ ᠲᠣᠬᠢᠲᠠᠢ ᠰᠢᠢᠳᠪᠦᠷᠢᠯᠡᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠤᠨ ᠬᠠᠷᠢᠴᠠᠭ᠎ᠠ ᠪᠠ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠵᠤ᠂ | ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ | ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ | ᠰᠢᠢᠳᠪᠦᠷᠢᠯᠡᠬᠦ ᠳᠤ ᠲᠣᠰ ᠠᠷᠭ᠎ᠠ ᠬᠡᠷᠡᠭᠯᠡᠭᠳᠡᠨ᠎ᠡ᠃ | ᠲᠣᠰ ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ ᠵᠠᠭᠤᠷᠠᠯᠳᠤᠭᠠᠨ ᠭᠡᠳᠡᠭ ᠨᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠣᠨᠣᠰᠢᠯᠠᠨ ᠡᠮᠨᠡᠬᠦ | ᠠᠵᠢᠯᠯᠠᠭ᠎ᠠ ᠠᠴᠠ ᠪᠣᠯᠣᠭᠰᠠᠨ ᠮᠠᠷᠭᠤᠭᠠᠨ ᠢ ᠵᠢᠭᠠᠵᠤ ᠪᠣᠢ᠃ | ᠡᠮᠴᠢ ᠶᠢᠨ ᠲᠠᠯ᠎ᠠ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ ᠵᠢᠭᠠᠵᠤ ᠪᠣᠢ᠂ ᠡᠪᠡᠳᠴᠢᠲᠡᠨ ᠤ ᠲᠠᠯ᠎ᠠ ᠭᠡᠳᠡᠭ ᠨᠢ | ᠭᠤᠣᠯᠳᠠᠭᠤ ᠡᠪᠡᠳᠴᠢᠲᠡᠨ ᠵᠢᠴᠢ ᠲᠡᠭᠦᠨ ᠤ ᠣᠶᠢᠷ᠎ᠠ ᠲᠥᠷᠥᠯ ᠰᠠᠳᠤᠨ᠂ ᠨᠠᠶᠢᠳᠠᠭᠰᠠᠨ ᠣᠷᠣᠯᠠᠭᠴᠢ ᠪᠤᠶᠤ ᠬᠠᠤᠯᠢ ᠳᠤ ᠲᠣᠭᠲᠠᠭᠠᠭᠰᠠᠨ ᠣᠷᠣᠯᠠᠭᠴᠢ ᠵᠡᠷᠭᠡᠬᠠᠮᠢᠶᠠ | ᠪᠦᠬᠦᠢ ᠬᠥᠮᠥᠰ ᠢ ᠵᠢᠭᠠᠵᠤ ᠪᠣᠢ᠃ | ᠭᠤᠷᠪᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠵᠢᠨᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ | | ᠳᠥᠷᠪᠡᠳᠦᠭᠡᠷ ᠵᠦᠢᠯ ᠡᠮᠴᠢ ᠶᠢᠨ ᠲᠠᠯ᠎ᠠ ᠶᠢᠨ ᠬᠢᠨ ᠵᠠᠩᠭᠢᠯᠠᠭ᠎ᠠ ᠶᠢᠨ ᠠᠵᠢᠯ ᠢᠶᠠᠨ ᠤᠷᠢᠳᠴᠢᠯᠠᠨ ᠭᠦᠢᠴᠡᠳᠬᠡᠵᠦ᠂ ᠣᠨᠣᠰᠢᠯᠠᠨ ᠡᠮᠨᠡᠬᠦ ᠠᠵᠢᠯᠯᠠᠭ᠎ᠠ ᠪᠠᠨ | ᠵᠢᠷᠤᠮᠵᠢᠭᠤᠯᠤᠨ᠂ ᠡᠮᠴᠢᠯᠡᠭᠡᠨ ᠤ ᠦᠢᠯᠡᠴᠢᠯᠡᠭᠡ ᠪᠠᠨ ᠰᠠᠶᠢᠵᠢᠷᠠᠭᠤᠯᠵᠤ᠂ ᠡᠮᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠲᠦᠭᠰᠢᠭᠦᠷᠢ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠨ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠨ | ᠪᠠᠭᠠᠰᠬᠠᠬᠤ ᠬᠡᠷᠡᠭᠲᠡᠢ᠃ | ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠳᠤ ᠬᠠᠷᠢᠶ᠎ᠠ ᠭᠠᠵᠠᠷ ᠬᠠᠷᠢᠭᠤᠴᠠᠬᠤ᠂ ᠡᠷᠬᠡ ᠲᠡᠭᠰᠢ ᠲᠥᠪ ᠭᠤᠤᠯᠴᠢ᠂ | ᠴᠠᠭᠲ᠋ᠤᠬᠠᠢ ᠳᠤ ᠨᠢ ᠮᠥᠷᠲᠡᠭᠡᠨ ᠠᠷᠠᠳ ᠲᠤ ᠳᠥᠭᠦᠮ ᠦᠵᠡᠭᠦᠯᠬᠦ ᠵᠠᠷᠴᠢᠮ ᠢ ᠵᠢᠷᠤᠮᠯᠠᠵᠤ᠂ ᠪᠣᠳᠠᠲᠤ ᠬᠡᠷᠡᠭ ᠢ ᠨᠢ ᠲᠣᠳᠣᠷᠬᠠᠢ ᠪᠣᠯᠭᠠᠬᠤ᠂ | ᠴᠢᠨᠠᠷᠲ᠋ᠣᠭᠲᠠᠭᠠᠯᠲᠠ ᠶᠢ ᠨᠢ ᠣᠨᠣᠪᠴᠢᠲᠠᠢ ᠪᠠᠶᠢᠯᠭᠠᠬᠤ᠂ ᠬᠠᠷᠢᠭᠤᠴᠠᠯᠭ᠎ᠠ ᠶᠢ ᠨᠢ ᠲᠣᠳᠣᠷᠬᠠᠢ ᠪᠠᠶᠢᠯᠭᠠᠬᠤ᠂ ᠬᠠᠤᠯᠢ ᠶᠣᠰᠣᠭᠠᠷ ᠰᠢᠢᠳᠪᠦᠷᠢᠯᠡᠬᠦ ᠶᠢ ᠪᠡᠶᠡᠯᠡᠭᠦᠯᠬᠦ | ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠢᠶᠠᠷ ᠭᠤᠣᠯᠯᠠᠨ ᠵᠢᠯᠣᠭᠤᠳᠤᠭᠤᠯᠤᠭᠰᠠᠨ᠂ ᠰᠠᠯᠠᠭ᠎ᠠ ᠮᠥᠴᠢᠷ ᠤᠳ | ᠬᠠᠮᠵᠢᠯᠴᠠᠨ ᠠᠵᠢᠯᠯᠠᠭᠰᠠᠨ᠂ ᠨᠡᠶᠢᠭᠡᠮ ᠤᠨ ᠬᠢᠨ ᠬᠠᠮᠲᠤᠷᠠᠨ ᠬᠠᠮᠵᠢᠯᠴᠠᠭᠰᠠᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠠᠮᠤᠭᠤᠯᠠᠩᠲᠤ ᠪᠠᠶᠢᠭᠤᠯᠤᠯᠲᠠ ᠶᠢᠨ ᠰᠢᠯᠭᠠᠨ ᠬᠢᠨᠠᠵᠤ ᠦᠨᠡᠯᠡᠬᠦ | ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃ | ᠳᠣᠯᠣᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠶᠠᠰᠤ ᠴᠢᠨᠠᠷ ᠪᠠ ᠠᠮᠤᠷ | ᠲᠦᠪᠰᠢᠨ ᠢ ᠬᠢᠨᠠᠨ ᠬᠠᠮᠢᠶᠠᠷᠬᠤ᠂ ᠡᠮᠴᠢᠯᠡᠭᠡᠨ ᠤ ᠵᠠᠭᠤᠷᠠᠯᠳᠤᠭᠠᠨ ᠳᠤ ᠵᠠᠰᠠᠭ ᠵᠠᠬᠢᠷᠭᠠᠨ ᠤ ᠡᠶᠡᠳᠡᠭᠦᠯᠭᠡ ᠬᠢᠬᠦ᠂ ᠡᠮᠴᠢᠯᠡᠭᠡᠨ ᠤ ᠠᠳᠡᠯ ᠤᠨ ᠵᠠᠰᠠᠭ ᠵᠠᠬᠢᠷᠭᠠᠨ ᠤ | ᠪᠠᠶᠢᠴᠠᠭᠠᠨ ᠰᠢᠢᠳᠪᠦᠷᠢᠯᠡᠬᠦ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠡᠮᠴᠢᠯᠡᠭᠡᠨ ᠤ ᠪᠠᠶᠢᠭᠤᠯᠤᠮᠵᠢ ᠶᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠭᠠᠳ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠯᠭᠡᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠡᠮᠴᠢᠯᠡᠭᠡᠨ ᠤ ᠵᠠᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠪᠠ ᠨᠥᠬᠦᠴᠡᠯ ᠲᠠᠢ ᠬᠤᠶᠠᠳᠤᠭᠠᠷ | ᠲᠠᠰ ᠤᠨ ᠡᠮᠨᠡᠯᠭᠡ ᠶᠢᠨ ᠬᠤᠷᠢᠶᠠᠨ ᠳᠤ ᠴᠠᠭᠳᠠᠭᠠᠨ ᠤ ᠶᠠᠪᠤᠳᠠᠯ ᠤᠨ ᠲᠠᠰᠤᠭ ᠲᠣᠬᠢᠷᠠᠭᠤᠯᠵᠤ᠂ ᠴᠢᠬᠤᠯᠠ ᠪᠦᠬᠦᠢ ᠴᠠᠭᠳᠠᠭᠠᠨ ᠤ ᠬᠦᠴᠦᠨ ᠲᠣᠬᠢᠷᠠᠭᠤᠯᠬᠤ ᠬᠡᠷᠡᠭᠲᠡᠢ | ︔ ᠨᠥᠬᠦᠴᠡᠯ ᠪᠦᠷᠢᠳᠦᠭᠦᠯᠦᠭᠡᠳᠦᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠤ ᠡᠷᠭᠢᠨ ᠲᠣᠭᠤᠷᠢᠨ ᠳᠤ ᠠᠮᠤᠷ ᠢ ᠬᠠᠮᠠᠭᠠᠯᠠᠬᠤ ᠬᠠᠷᠠᠭᠤᠯ ᠤᠨ ᠭᠠᠵᠠᠷ ︵ | ᠴᠠᠭᠳᠠᠨ ᠪᠠᠶᠢᠴᠠᠭᠠᠬᠤ ᠳᠤ ᠡᠷᠬᠡᠪᠰᠢ ᠬᠦᠷᠬᠦ ᠴᠡᠭ︶ ᠲᠣᠬᠢᠷᠠᠭᠤᠯᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠢ ᠬᠠᠮᠠᠭᠠᠯᠠᠬᠤ ᠲᠠᠯ᠎ᠠ ᠪᠠᠷ ᠬᠢ ᠡᠮᠬᠢ | ᠵᠢᠷᠤᠮ ᠢ ᠬᠠᠤᠯᠢ ᠶᠣᠰᠣᠭᠠᠷ ᠬᠠᠮᠠᠭᠠᠯᠠᠵᠤ᠂ ᠡᠮᠴᠢᠯᠡᠭᠡᠨ ᠤ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ᠃ | ᠶᠢᠰᠦᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠵᠢᠨᠠᠵᠢᠯ ᠢ ᠬᠠᠷᠢᠭᠤᠴᠠᠨ ᠵᠢᠯᠤᠭᠤᠳᠴᠤ᠂ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ ᠠᠵᠢᠯ ᠤᠨ ᠵᠢᠷᠤᠮᠵᠢᠭᠤᠯᠤᠯᠲᠠ᠂ ᠲᠤᠰᠬᠠᠶᠢᠵᠢᠯᠲᠠ ᠶᠢ | ᠠᠬᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ ᠨᠢ ᠬᠡᠷᠡᠭᠴᠡᠭᠡ ᠪᠠᠨ ᠦᠨᠳᠦᠰᠦᠯᠡᠨ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ᠢ ᠪᠠᠶᠢᠭᠤᠯᠵᠤ᠂ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠭᠤᠯᠤᠨ᠂ ᠮᠡᠳᠡᠭᠡ ᠵᠠᠩᠭᠢ | ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠤᠶᠤ ᠨᠡᠶᠢᠭᠡᠮ ᠤᠨ ᠬᠦᠴᠦᠨ ᠢ ᠣᠷᠣᠭᠤᠯᠤᠨ ᠠᠪᠴᠢᠷᠠᠵᠤ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢ ᠨᠡᠭᠡᠭᠡᠨ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠᠳᠤᠭᠠᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠳᠠᠭᠠᠳᠬᠠᠯ ᠤᠨ ᠪᠠᠶᠢᠭᠤᠯᠤᠮᠵᠢ ᠨᠤᠭᠤᠳ ᠡᠮᠴᠢᠯᠡᠭᠡᠨ ᠤ | ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠠᠭᠠᠳᠬᠠᠯ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠨ ᠪᠠᠶᠠᠯᠢᠭᠵᠢᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠯ᠂ ᠡᠮᠴᠢᠯᠡᠭᠡᠨ ᠤ | ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠬᠢᠭᠡᠳ | ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠡᠪᠡᠳᠴᠢᠲᠡᠨ ᠤ | ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠯᠭᠡᠬᠦ ᠶᠢ ᠬᠠᠷᠢᠭᠤᠴᠠᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭ᠎ᠠ ᠭᠠᠵᠠᠷ᠂ ᠡᠪᠡᠳᠴᠢᠲᠡᠨ ᠤ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ | ᠵᠥᠪᠯᠡᠯ ᠵᠢᠴᠢ ᠬᠠᠮᠢᠶ᠎ᠠ ᠪᠦᠬᠦᠢ ᠨᠢᠭᠡᠴᠢ ᠨᠦᠭᠦᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠬᠦ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠮᠨᠡᠯᠭᠡ ᠶᠢᠨ ᠬᠤᠷᠢᠶ᠎ᠠ ᠨᠤᠭᠤᠳ ᠤᠨ ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠮᠴᠢᠯᠡᠭᠡᠨ ᠤ ᠪᠠᠶᠢᠭᠤᠯᠤᠮᠵᠢ ᠨᠤᠭᠤᠳ ᠠᠵᠢᠯ ᠲᠥᠷᠥᠯ ᠤᠨ ᠱᠠᠭᠠᠷᠳᠠᠯᠭ᠎ᠠ ᠪᠠᠨ ᠴᠢᠩᠭᠠᠳᠬᠠᠨ᠂ ᠡᠮᠨᠡᠯᠭᠡ ᠶᠢᠨ | ᠠᠵᠢᠯᠲᠠᠨ ᠤ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠡᠮᠨᠡᠯᠭᠡ ᠶᠢᠨ ᠠᠵᠢᠯᠲᠠᠳ ᠤᠨ ᠡᠮᠴᠢ ᠶᠢᠨ ᠮᠣᠷᠠᠯ ᠰᠤᠷᠲᠠᠯ ᠤᠨ ᠬᠥᠮᠦᠵᠢᠯ ᠢ | ᠴᠢᠩᠭᠠᠳᠬᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ ᠣᠯᠠᠨ ᠨᠡᠶᠢᠲᠡ ᠶᠢᠨ ᠡᠮᠴᠢ ᠪᠠ ᠡᠪᠡᠳᠴᠢᠲᠡᠨ ᠤ ᠬᠠᠷᠢᠴᠠᠭ᠎ᠠ᠂ ᠡᠮᠴᠢᠯᠡᠭᠡᠨ ᠤ | ᠲᠦᠭᠰᠢᠭᠦᠷᠢ ᠳᠤ ᠤᠬᠠᠮᠵᠢ ᠲᠠᠢ ᠬᠠᠨᠳᠤᠬᠤ ᠶᠢ ᠬᠥᠲᠥᠯᠥᠨ ᠵᠢᠯᠤᠭᠤᠳᠬᠤ ᠬᠡᠷᠡᠭᠲᠡᠢ︔ ᠡᠮᠴᠢᠯᠡᠭᠡᠨ ᠤ ᠵᠠᠭᠤᠷᠠᠯᠳᠤᠭᠠᠨ ᠢ ᠮᠡᠳᠡᠭᠡᠯᠡᠬᠦ ᠳᠤ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠦᠨᠡᠨ ᠪᠣᠳᠠᠲᠠᠢ᠂ ᠪᠤᠰᠤᠳᠴᠢ᠂ ᠲᠥᠪ ᠭᠤᠤᠯᠴᠢ᠂ ᠠᠵᠢᠯ ᠤᠨ ᠮᠣᠷᠠᠯ ᠢ | ᠬᠢᠴᠢᠶᠡᠩᠭᠦ᠋ᠢᠯᠡᠨ ᠰᠠᠬᠢᠬᠤ ᠶᠢ ᠪᠡᠶᠡᠯᠡᠭᠦᠯᠬᠦ ᠬᠡᠷᠡᠭᠲᠡᠢ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠡᠮᠴᠢᠯᠡᠭᠡᠨ ᠤ ᠵᠠᠭᠤᠷᠠᠯᠳᠤᠭᠠᠨ ᠤ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡ ᠶᠢ | ᠨᠡᠶᠢᠲᠡᠯᠡᠬᠦ ᠳᠤ ᠪᠠᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠡᠶᠢᠭᠡᠮ ᠨᠡᠶᠢᠲᠡ ᠪᠠᠷ ᠢᠶᠠᠨ ᠡᠮᠨᠡᠯᠭᠡ ᠶᠢᠨ ᠠᠵᠢᠯᠲᠠᠨ ᠢ ᠬᠦᠨᠳᠦᠳᠬᠡᠨ᠂ ᠡᠮᠨᠡᠯᠭᠡ ᠶᠢᠨ ᠠᠵᠢᠯᠲᠠᠨ ᠳᠤ ᠬᠥᠮᠥᠨᠴᠢ ᠬᠠᠯᠠᠮᠵᠢᠯᠠᠯ | ᠥᠭᠬᠦ ᠪᠠᠨ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠠᠵᠢᠯ ᠢ ᠳᠡᠮᠵᠢᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ ᠤ | ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠰᠢᠯᠠᠨ ᠰᠠᠭᠠᠲᠠᠭᠠᠬᠤ ᠪᠠ | ᠨᠥᠯᠥᠭᠡᠯᠡᠵᠦ ᠪᠣᠯᠬᠤ ᠦᠭᠡᠢ᠂ ᠡᠮᠨᠡᠯᠭᠡ ᠶᠢᠨ ᠠᠵᠢᠯᠲᠠᠨ ᠤ ᠬᠥᠮᠥᠨ ᠮᠥᠰᠥ ᠨᠡᠷ᠎ᠡ ᠬᠦᠨᠳᠦ᠂ ᠪᠡᠶ᠎ᠡ ᠶᠢᠨ ᠠᠮᠤᠷ ᠲᠦᠪᠰᠢᠨ ᠳᠤ ᠬᠠᠯᠳᠠᠵᠤ ᠪᠣᠯᠬᠤ ᠦᠭᠡᠢ᠃ ᠡᠮᠴᠢ | ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ᠂ ᠣᠶᠢᠯᠠᠭᠠᠯᠴᠠᠵᠤ᠂ ᠢᠲᠡᠭᠡᠯᠴᠡᠵᠦ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠤᠨ | ᠬᠠᠷᠢᠴᠠᠭ᠎ᠠ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ | ᠰᠡᠷᠭᠡᠶᠢᠯᠡᠬᠦ | ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ | ᠡᠪᠡᠳᠴᠢᠲᠡᠨ ᠢᠶᠠᠷ ᠭᠤᠣᠯ ᠪᠣᠯᠭᠠᠵᠤ᠂ ᠬᠥᠮᠥᠨᠴᠢ ᠬᠠᠯᠠᠮᠵᠢᠯᠠᠯ ᠢᠶᠠᠨ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ ᠢ ᠴᠢᠩᠭ᠎ᠠ ᠵᠢᠷᠤᠮᠯᠠᠨ ᠰᠠᠬᠢᠵᠤ᠂ ᠠᠵᠢᠯ ᠤᠨ ᠮᠣᠷᠠᠯ ᠢ ᠬᠢᠴᠢᠶᠡᠩᠭᠦ᠋ᠢᠯᠡᠨ | ᠰᠠᠬᠢᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ ᠲᠡᠭᠦᠨ ᠤ ᠡᠮᠨᠡᠯᠭᠡ ᠶᠢᠨ ᠠᠵᠢᠯᠲᠠᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ ᠤᠨ ᠲᠠᠯ᠎ᠠ ᠪᠠᠷ ᠬᠢ ᠪᠣᠯᠪᠠᠰᠤᠷᠠᠯ ᠬᠢᠬᠦ ᠶᠢᠨ ᠬᠠᠮᠲᠤ | ᠠᠵᠢᠯ ᠤᠨ ᠮᠣᠷᠠᠯ ᠤᠨ ᠬᠥᠮᠥᠵᠢᠯ ᠬᠢᠬᠦ ᠪᠠᠨ ᠴᠢᠩᠭᠠᠳᠬᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠨᠣᠰᠢᠯᠠᠨ ᠡᠮᠨᠡᠬᠦ | ᠠᠵᠢᠯᠯᠠᠭ᠎ᠠ ᠳᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠠᠮᠤᠷ ᠲᠦᠪᠰᠢᠨ ᠬᠢᠭᠡᠳ ᠲᠦᠭᠰᠢᠭᠦᠷᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ | ᠡᠮᠴᠢᠯᠡᠭᠡᠨ ᠤ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ | ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠵᠤ᠂ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢ ᠪᠠ ᠡᠪᠡᠳᠴᠢᠲᠡᠨ ᠤ ᠣᠶᠢᠯᠠᠭᠠᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠡᠮᠴᠢ ᠪᠠ ᠡᠪᠡᠳᠴᠢᠲᠡᠨ ᠤ ᠣᠶᠢᠯᠠᠭᠠᠯᠴᠠᠨ ᠨᠡᠪᠲᠡᠷᠡᠯᠴᠡᠬᠦ ᠠᠭᠤᠯᠭ᠎ᠠ ᠶᠢ ᠲᠡᠭᠦᠯᠳᠡᠷᠵᠢᠭᠦᠯᠦᠨ᠂ ᠡᠪᠡᠳᠴᠢᠲᠡᠨ ᠢ ᠣᠨᠣᠰᠢᠯᠠᠨ ᠡᠮᠨᠡᠬᠦ ᠶᠠᠪᠤᠴᠠ ᠳᠤ | ᠳᠤᠷᠠᠳᠤᠭᠰᠠᠨ ᠯᠠᠪᠯᠠᠯᠲᠠ᠂ ᠰᠠᠨᠠᠯ ᠰᠠᠨᠠᠭᠤᠯᠭ᠎ᠠ ᠳᠤ ᠬᠦᠯᠢᠴᠡᠩᠭᠦᠢ ᠪᠠᠷ ᠲᠠᠶᠢᠯᠪᠤᠷᠢᠯᠠᠨ ᠲᠣᠳᠣᠷᠬᠠᠶᠢᠯᠠᠬᠤ ᠶᠢᠨ ᠬᠠᠮᠲᠤ ᠲᠣᠭᠲᠠᠭᠠᠯ ᠶᠣᠰᠣᠭᠠᠷ ᠰᠢᠢᠳᠪᠦᠷᠢᠯᠡᠬᠦ | ᠬᠡᠷᠡᠭᠲᠡᠢ︔ ᠡᠪᠡᠳᠴᠢᠲᠡᠨ ᠤ ᠳᠤᠷᠠᠳᠤᠭᠰᠠᠨ ᠮᠠᠳᠠᠭ ᠲᠠᠢ ᠵᠦᠢᠯ ᠢ ᠴᠠᠭ ᠲᠤᠬᠠᠢ ᠳᠤ ᠨᠢ ᠬᠠᠷᠭᠤᠭᠤᠯᠬᠤ ᠪᠠ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ | ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠯᠤᠭ᠎ᠠ ᠣᠶᠢᠯᠠᠭᠠᠯᠴᠠᠨ ᠨᠡᠪᠲᠡᠷᠡᠯᠴᠡᠵᠦ᠂ ᠪᠠᠶᠢᠳᠠᠯ ᠢ ᠦᠨᠡᠨ ᠪᠣᠳᠠᠲᠠᠢ ᠪᠠᠷ ᠲᠣᠳᠣᠷᠬᠠᠶᠢᠯᠠᠨ᠂ | ᠵᠠᠭᠤᠷᠠᠯᠳᠤᠭᠠᠨ ᠤ ᠭᠡᠮ ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ ᠢᠯᠡᠷᠡᠭᠦᠯᠬᠦ ᠶᠢᠨ ᠬᠠᠮᠲᠤ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ | ᠡᠮᠴᠢᠯᠡᠭᠡᠨ ᠤ ᠪᠠᠶᠢᠭᠤᠯᠤᠮᠵᠢ ᠨᠤᠭᠤᠳ ᠵᠠᠭᠠᠯᠳᠤᠯᠭ᠎ᠠ ᠶᠢ ᠭᠥᠯᠢᠶᠡᠨ ᠠᠪᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠭᠠᠯᠳᠤᠯᠭ᠎ᠠ ᠶᠢᠨ ᠨᠢᠭᠡᠳᠦᠯᠲᠡᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠤᠰᠬᠠᠢ ︵ᠲᠤᠰᠢᠶᠠᠯ ᠬᠠᠪᠰᠤᠷᠭᠠᠭᠰᠠᠨ︶ ᠠᠵᠢᠯᠲᠠᠨ ᠲᠣᠬᠢᠷᠠᠭᠤᠯᠬᠤ ᠬᠡᠷᠡᠭᠲᠡᠢ᠂ ᠬᠤᠶᠠᠳᠤᠭᠠᠷ ᠳᠡᠰ ᠠᠴᠠ | ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ ᠲᠤᠰᠬᠠᠢ ᠲᠠᠯᠠᠪᠤᠷ ᠲᠣᠬᠢᠷᠠᠭᠤᠯᠵᠤ᠂ ᠡᠪᠡᠳᠴᠢᠲᠡᠨ ᠤ ᠵᠠᠭᠠᠯᠳᠤᠯᠭ᠎ᠠ ᠪᠤᠶᠤ ᠯᠠᠪᠯᠠᠯᠲᠠ ᠶᠢ ᠭᠥᠯᠢᠶᠡᠨ ᠠᠪᠴᠤ᠂ | ᠵᠠᠭᠠᠯᠳᠤᠯᠭ᠎ᠠ ᠶᠢᠨ ᠰᠢᠭᠤᠳ ᠰᠢᠯᠤᠭᠤᠬᠠᠨ᠂ ᠳᠥᠭᠦᠮ ᠳᠥᠲᠡ ᠠᠷᠭ᠎ᠠ ᠮᠥᠷ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠢᠯᠡᠷᠬᠡᠢ ᠣᠷᠣᠨ ᠪᠠᠶᠢᠷᠢ ᠳᠤ | ᠵᠠᠭᠠᠯᠳᠤᠯᠭ᠎ᠠ ᠶᠢ ᠰᠢᠢᠳᠪᠦᠷᠢᠯᠡᠬᠦ ᠲᠠᠰ ᠳᠠᠷᠠᠭᠠᠯᠠᠯ᠂ ᠣᠷᠣᠨ ᠭᠠᠵᠠᠷ᠂ ᠭᠥᠯᠢᠶᠡᠨ ᠠᠪᠬᠤ ᠴᠠᠭ ᠬᠤᠭᠤᠴᠠᠭ᠎ᠠ ᠪᠠ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ | ᠨᠡᠶᠢᠲᠡᠯᠡᠵᠦ᠂ ᠡᠪᠡᠳᠴᠢᠲᠡᠨ ᠤ ᠵᠠᠭᠠᠯᠳᠤᠬᠤ᠂ ᠯᠠᠪᠯᠠᠬᠤ ᠳᠤ ᠲᠥᠬᠦᠮ ᠦᠵᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠳᠤ ᠪᠠᠨ ᠲᠣᠰ ᠪᠡᠶ᠎ᠡ ᠶᠢᠨ ᠢᠶᠠᠨ | ᠮᠡᠷᠭᠡᠵᠢᠯ ᠤᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠰᠠᠨ ᠪᠠᠶᠢᠬᠤ ᠬᠡᠷᠡᠭᠲᠡᠢ᠂ ᠬᠢᠵᠠᠭᠠᠷᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠳᠤ ᠪᠠᠨ᠂ | ᠬᠠᠮᠢᠶ᠎ᠠ ᠪᠦᠬᠦᠢ ᠡᠮᠴᠢᠯᠡᠭᠡᠨ ᠤ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠥᠪᠡᠷ ᠢ ᠪᠠᠨ ᠦᠨᠡᠯᠡᠨ ᠵᠢᠱᠢᠬᠦ ᠬᠡᠷᠡᠭᠲᠡᠢ᠂ | ᠨᠥᠬᠦᠴᠡᠯ ᠳᠤ ᠨᠡᠶᠢᠴᠡᠬᠦ ᠨᠢ ᠡᠮᠴᠢᠯᠡᠭᠡᠨ ᠤ ᠬᠡᠷᠡᠭᠯᠡᠭᠡᠨ ᠥᠷᠨᠢᠭᠦᠯᠵᠦ ᠪᠣᠯᠬᠤ ᠶᠢᠨ ᠬᠠᠮᠲᠤ᠂ ᠬᠠᠷᠠᠭᠠᠯᠵᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠂ ᠴᠠᠭᠠᠵᠠᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃ | ᠡᠮᠴᠢᠯᠡᠭᠡᠨ ᠤ ᠰᠢᠨ᠎ᠡ ᠮᠡᠷᠭᠡᠵᠢᠯ ᠢ ᠬᠡᠷᠡᠭᠯᠡᠬᠦ ᠳᠤ᠂ ᠮᠡᠷᠭᠡᠵᠢᠯ ᠤᠨ ᠦᠨᠡᠯᠡᠨ ᠵᠢᠱᠢᠯᠲᠡ ᠪᠠ ᠡᠰᠢ ᠶᠣᠰᠣᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ | ᠲᠦᠪᠰᠢᠨ ᠪᠥᠭᠡᠳ ᠪᠦᠲᠦᠮᠵᠢᠲᠡᠶ᠂ ᠡᠰᠢ ᠶᠣᠰᠣᠨ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠬᠡ ᠶᠢᠨ ᠠᠵᠢᠯᠲᠠᠨ ᠨᠢ ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠳᠣᠣᠷ᠎ᠠ | ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ | ᠵᠢᠷᠤᠮᠵᠢᠯ᠂ ᠵᠤᠷᠰᠢᠯ ᠢ ᠴᠢᠩᠭ᠎ᠠ ᠵᠢᠷᠤᠮᠯᠠᠬᠤ ᠬᠡᠷᠡᠭᠲᠡᠢ᠃ | ︵ᠬᠤᠶᠠᠷ︶ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ ᠬᠦᠨᠳᠦᠳᠬᠡᠵᠦ᠂ ᠡᠪᠡᠳᠴᠢᠲᠡᠨ ᠤ ᠨᠢᠭᠤᠴᠠ ᠪᠠ ᠬᠤᠪᠢ ᠬᠥᠮᠥᠨ ᠤ ᠮᠡᠳᠡᠭᠡ ᠵᠠᠩᠭᠢ ᠶᠢ | ᠬᠠᠮᠠᠭᠠᠯᠠᠬᠤ ᠬᠡᠷᠡᠭᠲᠡᠢ᠃ | ︵ᠭᠤᠷᠪᠠ︶ ᠡᠪᠡᠳᠴᠢᠨ ᠳᠤ ᠨᠢ ᠵᠣᠬᠢᠴᠠᠭᠤᠯᠤᠨ ᠵᠠᠰᠠᠯᠲᠠ ᠬᠢᠵᠦ᠂ ᠵᠦᠢ ᠵᠣᠬᠢᠰᠲᠠᠢ ᠪᠠᠶᠢᠴᠠᠭᠠᠵᠤ᠂ ᠵᠦᠢ ᠵᠣᠬᠢᠰᠲᠠᠢ ᠡᠮ ᠬᠡᠷᠡᠭᠯᠡᠵᠦ᠂ ᠵᠦᠢ ᠵᠣᠬᠢᠰᠲᠠᠢ | ᠡᠮᠨᠡᠨ ᠵᠠᠰᠠᠵᠤ᠂ ᠬᠠᠤᠯᠢ ᠳᠤ ᠨᠡᠶᠢᠴᠡᠭᠰᠡᠨ᠂ ᠲᠣᠭᠲᠠᠭᠠᠯ ᠳᠤ ᠨᠡᠶᠢᠴᠡᠭᠰᠡᠨ᠂ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠠᠷᠭ᠎ᠠ ᠶᠢ ᠬᠡᠷᠡᠭᠯᠡᠬᠦ ᠬᠡᠷᠡᠭᠲᠡᠢ᠃ | ︵ᠳᠥᠷᠪᠡ︶ ᠡᠪᠡᠳᠴᠢᠨ ᠤ ᠪᠠᠶᠢᠳᠠᠯ᠂ ᠡᠮᠴᠢᠯᠡᠭᠡᠨ ᠤ ᠠᠷᠭ᠎ᠠ ᠬᠡᠮᠵᠢᠶ᠎ᠡ᠂ ᠡᠮᠴᠢᠯᠡᠭᠡᠨ ᠤ ᠲᠦᠭᠰᠢᠭᠦᠷᠢ ᠵᠡᠷᠭᠡ ᠪᠠᠶᠢᠳᠠᠯ ᠢ ᠡᠪᠡᠳᠴᠢᠲᠡᠨ ᠳᠤ ᠦᠨᠡᠨ | ᠮᠥᠨ ᠢᠶᠠᠷ ᠨᠢ ᠮᠡᠳᠡᠭᠳᠡᠵᠦ᠂ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂ ᠣᠨᠴᠠᠭᠠᠢ ᠵᠠᠰᠠᠯᠭ᠎ᠠ ᠬᠢᠬᠦ ᠴᠢᠬᠤᠯᠠᠲᠠᠢ ᠪᠠᠶᠢᠪᠠᠯ᠂ ᠡᠪᠡᠳᠴᠢᠲᠡᠨ ᠳᠤ ᠡᠮᠴᠢᠯᠡᠭᠡᠨ ᠤ | ᠲᠦᠭᠰᠢᠭᠦᠷᠢ᠂ ᠣᠷᠣᠯᠠᠭᠤᠯᠬᠤ ᠡᠮᠴᠢᠯᠡᠭᠡᠨ ᠤ ᠲᠥᠰᠥᠯ ᠵᠡᠷᠭᠡ ᠪᠠᠶᠢᠳᠠᠯ ᠢ ᠴᠠᠭ ᠲᠤᠬᠠᠢ ᠳᠤ ᠨᠢ ᠪᠣᠳᠠᠲᠠᠢ ᠲᠣᠳᠣᠷᠬᠠᠶᠢᠯᠠᠬᠤ ᠶᠢᠨ ᠬᠠᠮᠲᠤ ᠲᠡᠭᠦᠨ ᠤ ᠲᠣᠳᠣᠷᠬᠠᠢ | ᠵᠥᠪᠰᠢᠶᠡᠷᠡᠯ ᠢ ᠣᠯᠬᠤ ᠬᠡᠷᠡᠭᠲᠡᠢ︔ ᠡᠪᠡᠳᠴᠢᠲᠡᠨ ᠳᠤ ᠲᠣᠳᠣᠷᠬᠠᠶᠢᠯᠠᠵᠤ ᠪᠣᠯᠬᠤ ᠦᠭᠡᠢ ᠪᠤᠶᠤ ᠡᠪᠡᠳᠴᠢᠲᠡᠨ ᠳᠤ ᠲᠣᠳᠣᠷᠬᠠᠶᠢᠯᠠᠬᠤ ᠳᠤ ᠲᠣᠬᠢᠷᠠᠮᠵᠢ ᠦᠭᠡᠢ | ᠪᠠᠶᠢᠪᠠᠯ᠂ ᠡᠪᠡᠳᠴᠢᠲᠡᠨ ᠤ ᠣᠶᠢᠷ᠎ᠠ ᠲᠥᠷᠥᠯ ᠰᠠᠳᠤᠨ ᠳᠤ ᠲᠠᠶᠢᠯᠪᠤᠷᠢᠯᠠᠵᠤ ᠥᠭᠬᠦ ᠶᠢᠨ ᠬᠠᠮᠲᠤ ᠲᠡᠭᠦᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ᠃ | ︵ᠲᠠᠪᠤ︶ ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ ᠳᠤ ᠪᠠᠴᠢᠮ ᠠᠷᠭ᠎ᠠ ᠬᠡᠮᠵᠢᠶ᠎ᠡ ᠠᠪᠴᠤ ᠪᠠᠶᠢᠭᠠᠳ ᠣᠨᠣᠰᠢᠯᠠᠨ ᠡᠮᠨᠡᠬᠦ ᠬᠡᠷᠡᠭᠲᠡᠢ᠂ ᠲᠦᠷᠭᠡᠨ | ᠠᠪᠤᠷᠠᠵᠤ ᠡᠮᠴᠢᠯᠡᠨ ᠰᠢᠢᠳᠪᠦᠷᠢᠯᠡᠬᠦ ᠶᠢ ᠲᠡᠪᠴᠢᠵᠦ ᠪᠣᠯᠬᠤ ᠦᠭᠡᠢ᠃ ᠠᠮᠢ ᠨᠠᠰᠤ ᠨᠢ ᠲᠦᠭᠰᠢᠭᠦᠷᠢᠲᠡᠢ ᠪᠣᠯᠣᠭᠰᠠᠨ ᠡᠪᠡᠳᠴᠢᠲᠡᠨ ᠢ ᠲᠦᠷᠭᠡᠨ ᠠᠪᠤᠷᠠᠬᠤ ᠵᠡᠷᠭᠡ | ᠪᠠᠴᠢᠮ ᠪᠠᠶᠢᠳᠠᠯ ᠠᠴᠠ ᠪᠣᠯᠣᠭᠠᠳ ᠡᠪᠡᠳᠴᠢᠲᠡᠨ ᠪᠤᠶᠤ ᠣᠶᠢᠷ᠎ᠠ ᠲᠥᠷᠥᠯ ᠰᠠᠳᠤᠨ ᠠᠴᠠ ᠨᠢ ᠰᠠᠨᠠᠯ ᠠᠪᠴᠤ ᠳᠡᠶᠢᠯᠬᠦ ᠦᠭᠡᠢ ᠪᠠᠶᠢᠳᠠᠯ ᠳᠤ᠂ ᠡᠮᠴᠢᠯᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠤᠶᠤ ᠡᠷᠬᠡ ᠣᠯᠭᠤᠭᠰᠠᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠲᠡᠷᠡ ᠳᠠᠷᠤᠢ ᠳᠤ ᠨᠢ ᠬᠠᠷᠠᠭᠠᠯᠵᠠᠭᠰᠠᠨ | ᠡᠮᠴᠢᠯᠡᠭᠡᠨ ᠤ ᠠᠷᠭ᠎ᠠ ᠬᠡᠮᠵᠢᠶ᠎ᠡ ᠠᠪᠴᠤ ᠪᠣᠯᠣᠨ᠎ᠠ᠃ | ︵ᠵᠢᠷᠭᠤᠭ᠎ᠠ︶ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂ ᠣᠨᠴᠠᠭᠠᠢ ᠵᠠᠰᠠᠯᠭ᠎ᠠ ᠵᠡᠷᠭᠡ ᠨᠡᠯᠢᠶᠡᠳ ᠶᠡᠭᠡ ᠡᠮᠴᠢᠯᠡᠭᠡᠨ ᠤ ᠲᠦᠭᠰᠢᠭᠦᠷᠢ ᠲᠠᠢ ᠣᠨᠣᠰᠢᠯᠠᠨ ᠡᠮᠨᠡᠬᠦ | ᠠᠵᠢᠯᠯᠠᠭ᠎ᠠ ᠶᠢ ᠥᠷᠨᠢᠭᠦᠯᠬᠦ ᠳᠤ᠂ ᠡᠮᠴᠢᠯᠡᠭᠡᠨ ᠤ ᠪᠠᠶᠢᠭᠤᠯᠤᠮᠵᠢ ᠨᠤᠭᠤᠳ ᠠᠷᠭᠠᠴᠠᠭᠠᠬᠤ ᠪᠡᠯᠡᠳᠬᠡᠯ ᠲᠥᠰᠥᠯ ᠢᠶᠠᠨ ᠤᠷᠢᠳᠴᠢᠯᠠᠨ ᠪᠡᠯᠡᠳᠬᠡᠵᠦ᠂ ᠭᠡᠨᠡᠳᠲᠡ ᠶᠢᠨ | ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠬᠡᠷᠡᠭᠲᠡᠢ᠃ | ︵ᠳᠤᠯᠤᠭ᠎ᠠ︶ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ ᠤᠨ ᠵᠦᠢᠯ᠂ ᠠᠷᠢᠭᠤᠳᠬᠠᠬᠤ ᠡᠮ᠂ ᠡᠮᠴᠢᠯᠡᠭᠡᠨ ᠤ ᠪᠠᠭᠠᠵᠢ | ᠬᠡᠷᠡᠭᠰᠡᠯ ᠢ ᠬᠡᠷᠡᠭᠯᠡᠬᠦ ᠬᠡᠷᠡᠭᠲᠡᠢ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠪᠠᠭᠠᠵᠢ ᠬᠡᠷᠡᠭᠰᠡᠯ᠂ ᠠᠷᠢᠭᠤᠳᠬᠠᠬᠤ ᠡᠮ᠂ | ᠴᠢᠰᠤ ᠵᠡᠷᠭᠡ ᠶᠢᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ᠂ ᠬᠠᠳᠠᠭᠠᠯᠠᠨ ᠬᠠᠮᠢᠶᠠᠷᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠷᠢ ᠲᠡᠩᠴᠡᠭᠰᠡᠨ | ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ᠂ ᠬᠤᠭᠤᠴᠠᠭ᠎ᠠ ᠬᠡᠲᠦᠷᠡᠭᠰᠡᠨ ᠵᠡᠷᠭᠡ ᠬᠢᠷᠢ ᠲᠡᠩᠴᠡᠬᠦ ᠦᠭᠡᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ | ᠠᠷᠢᠭᠤᠳᠬᠠᠬᠤ ᠡᠮ᠂ ᠴᠢᠰᠤ ᠵᠡᠷᠭᠡ ᠶᠢ ᠬᠡᠷᠡᠭᠯᠡᠬᠦ ᠶᠢ ᠴᠠᠭᠠᠵᠠᠯᠠᠨ᠎ᠠ᠃ | ︵ᠨᠠᠢᠮᠠ︶ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠲᠠᠭᠯᠠᠵᠤ | ᠪᠢᠴᠢᠬᠦ ᠶᠢᠨ ᠬᠠᠮᠲᠤ ᠲᠣᠬᠢᠲᠠᠢ ᠬᠠᠳᠠᠭᠠᠯᠠᠨ ᠬᠠᠮᠢᠶᠠᠷᠬᠤ ᠬᠡᠷᠡᠭᠲᠡᠢ᠃ | ︵ᠶᠢᠰᠦ︶ ᠡᠪᠡᠳᠴᠢᠲᠡᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠦᠢᠯᠡᠴᠢᠯᠡᠭᠡ ᠬᠠᠩᠭᠠᠬᠤ ᠬᠡᠷᠡᠭᠲᠡᠢ᠃ ᠡᠪᠡᠳᠴᠢᠲᠡᠨ ᠨᠠᠰᠤ | ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ ᠰᠠᠳᠤᠨ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ | ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯ ᠳᠤ ᠲᠣᠭᠲᠠᠭᠠᠭᠰᠠᠨ ᠪᠤᠰᠤᠳ ᠪᠠᠶᠢᠳᠠᠯ᠃ | | ᠬᠤᠷᠢᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠠᠵᠢᠯ ᠡᠷᠬᠢᠯᠡᠬᠦ ᠬᠡᠪᠴᠢᠶ᠎ᠡ ᠠᠴᠠ ᠪᠠᠨ ᠳᠠᠪᠠᠭᠤᠯᠤᠨ ᠣᠨᠣᠰᠢᠯᠠᠨ ᠡᠮᠨᠡᠬᠦ︔ | ︵ᠬᠤᠶᠠᠷ︶ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠴᠢᠬᠤᠯᠠ ᠪᠤᠰᠤ ᠪᠠᠶᠢᠴᠠᠭᠠᠯᠲᠠ ᠪᠠ ᠡᠮᠴᠢᠯᠡᠭᠡ ᠬᠢᠬᠦ︔ | ︵ᠭᠤᠷᠪᠠ︶ ᠣᠨᠣᠰᠢᠯᠠᠨ ᠡᠮᠨᠡᠬᠦ ᠮᠡᠷᠭᠡᠵᠢᠯ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ | ᠠᠷᠢᠭᠤᠳᠬᠠᠬᠤ ᠡᠮ᠂ ᠴᠢᠰᠤ ᠵᠡᠷᠭᠡ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ︔ | ︵ᠳᠥᠷᠪᠡ︶ ᠡᠪᠡᠳᠴᠢᠨ ᠤ ᠪᠠᠢᠳᠠᠯ ᠢ ᠨᠢ ᠨᠢᠭᠤᠨ ᠳᠠᠯᠳᠠᠯᠠᠬᠤ᠂ ᠪᠤᠷᠤᠭᠤ ᠪᠠᠷ ᠬᠥᠲᠥᠯᠬᠦ ᠪᠤᠶᠤ ᠬᠡᠲᠦᠷᠡᠭᠦᠯᠦᠨ ᠶᠠᠷᠢᠬᠤ︔ | ︵ᠲᠠᠪᠤ︶ ᠡᠪᠡᠳᠴᠢᠨ ᠤ ᠳᠠᠩᠰᠠ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠨᠢᠭᠤᠨ ᠳᠠᠯᠳᠠᠯᠠᠭᠰᠠᠨ᠂ | ᠬᠠᠭᠤᠷᠮᠠᠭ ᠢᠶᠠᠷ ᠵᠣᠬᠢᠶᠠᠭᠰᠠᠨ᠂ ᠥᠭᠡᠷᠡᠲᠦᠭᠦᠯᠦᠭᠰᠡᠨ ᠪᠤᠶᠤ ᠳᠤᠷ᠎ᠠ ᠪᠠᠷ ᠢᠶᠠᠨ ᠤᠰᠠᠳᠬᠠᠭᠰᠠᠨ︔ | ︵ᠵᠢᠷᠭᠤᠭ᠎ᠠ︶ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ ᠤᠨ ᠡᠷᠬᠢᠯᠡᠭᠰᠡᠨ ᠠᠵᠢᠯ ᠤᠨ ᠬᠡᠪᠴᠢᠶ᠎ᠡ ᠯᠦᠭᠡ | ᠬᠤᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭᠠᠯ ᠳᠤ ᠦᠯᠦ ᠨᠡᠶᠢᠴᠡᠬᠦ ᠠᠨᠠᠭᠠᠬᠤ ᠤᠬᠠᠭᠠᠨ ᠤ ᠭᠡᠷᠡᠴᠢ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ︔ | | ︵ᠳᠤᠯᠤᠭ᠎ᠠ︶ ᠵᠢᠷᠤᠮᠵᠢᠯ ᠶᠣᠰᠣᠭᠠᠷ ᠣᠨᠣᠰᠢᠯᠠᠵᠤ ᠡᠮᠨᠡᠬᠦ ᠳᠤ ᠬᠡᠷᠡᠭᠯᠡᠬᠦ ᠠᠴᠠ ᠭᠠᠳᠠᠨ᠎ᠠ᠂ ᠮᠢᠨᠴᠦᠭᠦᠷᠡᠭᠦᠯᠬᠦ ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ | ᠬᠤᠣᠷᠲᠤ ᠡᠮ ᠤᠨ ᠵᠦᠢᠯ᠂ ᠣᠶᠣᠨ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠢ ᠡᠮ ᠤᠨ ᠵᠦᠢᠯ ᠵᠡᠷᠭᠡ ᠶᠢ ᠬᠡᠷᠡᠭᠯᠡᠵᠦ ᠪᠣᠯᠬᠤ ᠦᠭᠡᠢ︔ | ︵ᠨᠠᠢᠮᠠ︶ ᠲᠤᠰᠢᠶᠠᠯ ᠤᠨ ᠳᠥᠭᠦᠮ ᠢᠶᠠᠨ ᠠᠰᠢᠭᠯᠠᠵᠤ᠂ ᠡᠳ᠋ ᠮᠥᠩᠭᠦ ᠨᠡᠬᠡᠨ ᠠᠪᠬᠤ ᠬᠠᠤᠯᠢ ᠪᠤᠰᠤ ᠪᠠᠷ ᠬᠦᠯᠢᠶᠡᠨ ᠠᠪᠬᠤ ᠪᠤᠶᠤ ᠪᠤᠰᠤᠳ ᠵᠦᠢ ᠪᠤᠰᠤ | ᠠᠰᠢᠭ ᠲᠤᠰᠠ ᠶᠢ ᠵᠠᠪᠰᠢᠨ ᠬᠤᠨᠵᠢᠵᠤ ᠪᠣᠯᠬᠤ ᠦᠭᠡᠢ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯ ᠳᠤ ᠴᠠᠭᠠᠵᠠᠯᠠᠭᠰᠠᠨ ᠪᠤᠰᠤᠳ ᠪᠠᠶᠢᠳᠠᠯ᠃ | ᠬᠤᠷᠢᠨ ᠨᠢᠭᠡᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠵᠠᠳᠠᠯᠤᠨ᠂ ᠣᠯᠵᠤ ᠮᠡᠳᠡᠭᠰᠡᠨ ᠲᠦᠭᠰᠢᠭᠦᠷᠢ ᠳᠤ ᠴᠢᠭᠯᠡᠭᠦᠯᠦᠨ ᠰᠡᠷᠭᠡᠶᠢᠯᠡᠬᠦ ᠠᠷᠭ᠎ᠠ | ᠬᠡᠮᠵᠢᠶ᠎ᠡ ᠲᠣᠭᠲᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠡᠪᠡᠳᠴᠢᠲᠡᠨ ᠡᠭᠦᠳᠡᠨ ︵ᠪᠠᠴᠢᠮ︶ ᠡᠮᠨᠡᠯᠭᠡ ᠶᠢᠨ ᠡᠪᠡᠳᠴᠢᠨ ᠤ ᠲᠡᠦᠬᠡ ᠪᠠ ᠡᠮᠨᠡᠯᠭᠡ ᠳᠤ ᠰᠠᠭᠤᠭᠰᠠᠨ ᠡᠪᠡᠳᠴᠢᠨ ᠤ | ᠲᠡᠦᠬᠡᠨ ᠳᠠᠬᠢ ᠡᠮᠨᠡᠯᠭᠡ ᠳᠤ ᠰᠠᠭᠤᠭᠰᠠᠨ ᠲᠡᠮᠳᠡᠭᠯᠡᠯ ︵ᠲᠤᠬᠠᠶᠢᠯᠠᠪᠠᠯ ᠡᠮᠨᠡᠯᠭᠡ ᠳᠤ ᠣᠷᠣᠭᠰᠠᠨ ᠲᠡᠮᠳᠡᠭᠯᠡᠯ︶᠂ ᠪᠡᠶ᠎ᠡ ᠶᠢᠨ ᠳᠤᠯᠠᠭᠠᠨ ᠤ ᠬᠠᠭᠤᠳᠠᠰᠤ᠂ ᠡᠮᠴᠢ ᠶᠢᠨ | ᠵᠢᠭᠠᠪᠤᠷᠢ ᠶᠢᠨ ᠬᠠᠭᠤᠳᠠᠰᠤ᠂ ᠰᠢᠨᠵᠢᠯᠡᠨ ᠰᠢᠯᠭᠠᠯᠲᠠ ᠶᠢᠨ ᠬᠠᠭᠤᠳᠠᠰᠤ ︵ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ︶᠂ ᠠᠨᠠᠭᠠᠬᠤ ᠤᠬᠠᠭᠠᠨ ᠤ ᠵᠢᠷᠤᠭ | ᠳᠦᠷᠰᠦ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠣᠨᠴᠠᠭᠠᠢ ᠪᠠᠶᠢᠴᠠᠭᠠᠯᠲᠠ ︵ᠡᠮᠨᠡᠨ ᠵᠠᠰᠠᠬᠤ︶ ᠶᠢᠨ ᠵᠥᠪᠰᠢᠶᠡᠷᠡᠯ ᠤᠨ ᠪᠢᠴᠢᠭ᠂ ᠮᠡᠰᠡ ᠵᠠᠰᠠᠯ ᠤᠨ | ᠵᠥᠪᠰᠢᠶᠡᠷᠡᠯ ᠤᠨ ᠪᠢᠴᠢᠭ᠂ ᠮᠡᠰᠡ ᠵᠠᠰᠠᠯ ᠵᠢᠴᠢ ᠮᠢᠨᠴᠦᠭᠦᠷᠡᠭᠦᠯᠦᠭᠰᠡᠨ ᠲᠡᠮᠳᠡᠭᠯᠡᠯ ᠤᠨ ᠬᠠᠭᠤᠳᠠᠰᠤ᠂ ᠡᠪᠡᠳᠴᠢᠨ ᠤ ᠵᠦᠢ ᠶᠢᠨ ᠮᠡᠳᠡᠭᠦᠯᠦᠯᠲᠡ᠂ ᠰᠤᠪᠢᠯᠠᠯᠲᠠ ᠶᠢᠨ | ᠲᠡᠮᠳᠡᠭᠯᠡᠯ᠂ ᠡᠮᠨᠡᠯᠭᠡ ᠠᠴᠠ ᠭᠠᠷᠤᠭᠰᠠᠨ ᠲᠡᠮᠳᠡᠭᠯᠡᠯ᠂ ᠡᠮᠴᠢᠯᠡᠭᠡᠨ ᠤ ᠵᠠᠷᠤᠳᠠᠯ ᠵᠢᠴᠢ ︽ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠡᠦᠬᠡ ᠶᠢᠨ | ᠬᠠᠮᠢᠶᠠᠷᠤᠯᠲᠠ ᠶᠢᠨ ᠲᠣᠭᠲᠠᠭᠠᠯ︾ ᠳᠠᠬᠢ ᠡᠪᠡᠳᠴᠢᠨ ᠤ ᠲᠡᠦᠬᠡᠨ ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ | ᠠᠪᠬᠤ ᠡᠷᠬᠡ ᠲᠠᠢ᠃ | ᠡᠪᠡᠳᠴᠢᠲᠡᠨ ᠡᠪᠡᠳᠴᠢᠨ ᠤ ᠲᠡᠦᠬᠡ ᠶᠢᠨ ᠮᠠᠲ᠋ᠧᠷᠢᠶᠠᠯ ᠢᠶᠠᠨ ᠬᠠᠭᠤᠯᠪᠤᠷᠢᠯᠠᠨ ᠠᠪᠬᠤ ᠱᠠᠭᠠᠷᠳᠠᠯᠭ᠎ᠠ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠨᠢ | ᠬᠠᠭᠤᠯᠪᠤᠷᠢᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠠᠭᠤᠯᠪᠤᠷᠢᠯᠠᠭᠰᠠᠨ ᠡᠪᠡᠳᠴᠢᠨ ᠤ ᠲᠡᠦᠬᠡ ᠶᠢᠨ ᠮᠠᠲ᠋ᠧᠷᠢᠶᠠᠯ ᠳᠡᠭᠡᠷ᠎ᠡ ᠭᠡᠷᠡᠴᠢ ᠲᠠᠮᠠᠭ᠎ᠠ ᠪᠠᠨ ᠳᠠᠷᠤᠬᠤ | ᠬᠡᠷᠡᠭᠲᠡᠢ᠃ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠬᠤ ᠳᠤ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠨᠢ ᠲᠤᠬᠠᠢ ᠶᠢᠨ | ᠲᠠᠯᠠᠪᠠᠢ ᠳᠤ ᠪᠠᠶᠢᠬᠤ ᠬᠡᠷᠡᠭᠲᠡᠢ᠃ ᠡᠪᠡᠳᠴᠢᠲᠡᠨ ᠤ ᠱᠠᠭᠠᠷᠳᠠᠯᠭ᠎ᠠ ᠪᠠᠷ ᠲᠡᠭᠦᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠳᠤ ᠬᠥᠯᠥᠰᠦ | ᠥᠷᠲᠡᠭ ᠤᠨ ᠵᠠᠷᠤᠳᠠᠯ ᠬᠤᠷᠢᠶᠠᠵᠤ ᠪᠣᠯᠣᠨ᠎ᠠ᠂ ᠵᠠᠷᠤᠳᠠᠯ ᠬᠤᠷᠢᠶᠠᠬᠤ ᠪᠠᠷᠢᠮᠵᠢᠶ᠎ᠠ ᠪᠠᠨ ᠢᠯᠡ ᠪᠣᠯᠭᠠᠬᠤ ᠬᠡᠷᠡᠭᠲᠡᠢ᠃ | ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ ᠰᠠᠳᠤᠨ ᠨᠢ ᠬᠠᠤᠯᠢ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ | ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠡᠪᠡᠳᠴᠢᠲᠡᠨ ᠪᠠ ᠲᠡᠭᠦᠨ ᠤ ᠣᠶᠢᠷ᠎ᠠ ᠲᠥᠷᠥᠯ ᠰᠠᠳᠤᠨ ᠨᠢ ᠳᠣᠣᠷ᠎ᠠ ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠢ᠄ | | ︵ᠨᠢᠭᠡ︶ ᠡᠮᠴᠢᠯᠡᠭᠡᠨ ᠤ ᠡᠮᠬᠢ ᠵᠢᠷᠤᠮ ᠪᠠ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠡᠪᠡᠳᠴᠢᠨ ᠦᠵᠡᠬᠦᠯᠬᠦ᠂ ᠡᠮᠨᠡᠨ ᠵᠠᠰᠠᠬᠤ᠂ | ᠪᠠᠶᠢᠴᠠᠭᠠᠬᠤ ᠲᠤᠬᠠᠢ ᠲᠣᠭᠲᠠᠭᠠᠯ ᠢ ᠵᠢᠷᠤᠮᠯᠠᠨ᠎ᠠ︔ | ︵ᠬᠤᠶᠠᠷ︶ ᠡᠪᠡᠳᠴᠢᠨ ᠤ ᠪᠠᠶᠢᠳᠠᠯ ᠯᠤᠭ᠎ᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠬᠠᠩᠭᠠᠵᠤ᠂ ᠡᠮᠨᠡᠯᠭᠡ ᠶᠢᠨ ᠠᠵᠢᠯᠲᠠᠨ ᠤ | ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ ᠳᠤ ᠬᠠᠮᠵᠢᠯᠴᠠᠨ᠎ᠠ︔ | ︵ᠭᠤᠷᠪᠠ︶ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠲᠥᠯᠥᠨ᠎ᠡ︔ | ︵ᠳᠥᠷᠪᠡ︶ ᠡᠮᠴᠢᠯᠡᠭᠡᠨ ᠤ ᠠᠵᠢᠯᠯᠠᠭ᠎ᠠ ᠳᠤ ᠣᠨᠳᠣᠣ ᠰᠠᠨᠠᠯ ᠪᠤᠶᠤ ᠮᠠᠷᠭᠤᠭᠠᠨ ᠲᠠᠢ ᠪᠠᠶᠢᠪᠠᠯ᠂ ᠬᠠᠤᠯᠢ ᠶᠣᠰᠣᠭᠠᠷ ᠰᠠᠨᠠᠯ ᠪᠠ ᠬᠦᠰᠡᠯ ᠱᠠᠭᠠᠷᠳᠠᠯᠭ᠎ᠠ ᠪᠠᠨ | ᠢᠯᠡᠳᠬᠡᠨ᠎ᠡ︔ | ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠳᠤᠮᠳᠠ ᠲᠤᠰᠠᠭᠠᠷᠯᠠᠨ ᠡᠮᠨᠡᠬᠦ᠂ ᠠᠨᠠᠭᠠᠬᠤ ᠤᠬᠠᠭᠠᠨ ᠤ ᠠᠵᠢᠭᠯᠠᠯᠲᠠ | ᠬᠢᠬᠦ ᠵᠡᠷᠭᠡ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠴᠢᠬᠤᠯᠠᠲᠠᠢ ᠪᠠᠶᠢᠪᠠᠯ᠂ ᠬᠠᠮᠵᠢᠯᠴᠠᠬᠤ ᠬᠡᠷᠡᠭᠲᠡᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ | ᠬᠤᠷᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠳᠣᠣᠷ᠎ᠠ ᠵᠢᠭᠰᠠᠭᠠᠭᠰᠠᠨ ᠠᠷᠭ᠎ᠠ | ᠵᠠᠮ ᠢᠶᠠᠷ ᠳᠠᠮᠵᠢᠭᠤᠯᠤᠨ ᠰᠢᠢᠳᠪᠦᠷᠢᠯᠡᠵᠦ ᠪᠣᠯᠣᠨ᠎ᠠ᠄ | ︵ᠨᠢᠭᠡ︶ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠵᠥᠪᠳᠡᠯᠴᠡᠬᠦ︔ | ︵ᠬᠤᠶᠠᠷ︶ ᠠᠷᠠᠳ ᠤᠨ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ | ︵ᠭᠤᠷᠪᠠ︶ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ | ︵ᠳᠥᠷᠪᠡ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠬᠤ︔ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ ᠰᠢᠢᠳᠪᠦᠷᠢᠯᠡᠬᠦ᠃ | ᠬᠤᠷᠢᠨ ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢᠯᠡᠭᠡᠨ ᠤ ᠪᠠᠶᠢᠭᠤᠯᠤᠮᠵᠢ ᠨᠤᠭᠤᠳ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ | ᠠᠪᠴᠤ ᠰᠢᠢᠳᠪᠦᠷᠢᠯᠡᠬᠦ ᠬᠡᠷᠡᠭᠲᠡᠢ᠄ | ︵ᠨᠢᠭᠡ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠤ ᠰᠠᠨᠠᠯ ᠢ ᠰᠣᠨᠣᠰᠴᠤ᠂ ᠲᠡᠭᠦᠨ ᠳᠤ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ | ᠠᠷᠭ᠎ᠠ ᠵᠠᠮ ᠪᠠ ᠳᠡᠰ ᠳᠠᠷᠠᠭᠠᠯᠠᠯ ᠢ ᠮᠡᠳᠡᠭᠳᠡᠵᠦ᠂ ᠬᠠᠮᠢᠶ᠎ᠠ ᠪᠦᠬᠦᠢ ᠯᠠᠪᠯᠠᠯᠲᠠ ᠪᠠ ᠮᠠᠳᠠᠭ ᠲᠠᠢ ᠵᠦᠢᠯ ᠳᠤ ᠨᠢ ᠬᠠᠷᠢᠭᠤᠯᠲᠠ ᠥᠭᠴᠦ᠂ ᠲᠡᠭᠦᠨ ᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠶᠣᠰᠣᠭᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ︔ | ︵ᠬᠤᠶᠠᠷ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠦᠷᠤᠯ ᠰᠠᠳᠤᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ | ᠬᠠᠭᠤᠯᠪᠤᠷᠢᠯᠠᠬᠤ᠂ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ︔ | ︵ᠭᠤᠷᠪᠠ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠳᠤ ᠲᠤᠬᠠᠢ ᠶᠢᠨ ᠲᠠᠯᠠᠪᠠᠢ ᠳᠤ ᠪᠣᠳᠠᠲᠤ ᠶᠠᠭᠤᠮ᠎ᠠ ᠶᠢ ᠪᠢᠲᠡᠭᠦᠮᠵᠢᠯᠡᠬᠦ ᠪᠠ ᠪᠢᠲᠡᠭᠦᠮᠵᠢ | ᠨᠡᠭᠡᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ︔ | ︵ᠳᠥᠷᠪᠡ︶ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠣᠶᠢᠷ᠎ᠠ ᠲᠥᠷᠥᠯ ᠰᠠᠳᠤᠨ ᠳᠤ ᠨᠢ ᠬᠡᠭᠦᠷ ᠰᠢᠯᠭᠠᠨ ᠪᠠᠶᠢᠴᠠᠭᠠᠬᠤ ᠬᠤᠯᠪᠣᠭᠳᠠᠯ ᠪᠦᠬᠦᠢ ᠲᠣᠭᠲᠠᠭᠠᠯ ᠢ | ᠮᠡᠳᠡᠭᠳᠡᠨ᠎ᠡ︔ | ︵ᠲᠠᠪᠤ︶ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠮᠲᠤᠷᠠᠨ ᠣᠨᠣᠰᠢᠯᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠤ | ᠬᠠᠮᠲᠤᠷᠠᠨ ᠣᠨᠣᠰᠢᠯᠠᠭᠰᠠᠨ ᠰᠠᠨᠠᠯ ᠢ ᠡᠪᠡᠳᠴᠢᠲᠡᠨ ᠪᠤᠶᠤ ᠲᠡᠭᠦᠨ ᠤ ᠣᠶᠢᠷ᠎ᠠ ᠲᠦᠷᠦᠯ ᠰᠠᠳᠤᠨ ᠳᠤ ᠨᠢ ᠮᠡᠳᠡᠭᠳᠡᠨ᠎ᠡ︔ | ︵ᠵᠢᠷᠭᠤᠭ᠎ᠠ︶ ᠡᠮᠴᠢᠯᠡᠭᠡᠨ ᠤ ᠵᠠᠭᠤᠷᠠᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠡᠬᠢᠯᠡᠭᠦᠯᠬᠦ ᠴᠢᠬᠤᠯᠠᠲᠠᠢ ᠪᠠᠶᠢᠪᠠᠯ᠂ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ︔ | ︵ᠳᠣᠯᠤᠭ᠎ᠠ︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠢ ᠯᠦᠭᠡ | ᠬᠠᠮᠵᠢᠯᠴᠠᠨ ᠪᠠᠶᠢᠴᠠᠭᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢᠶᠠᠨ ᠲᠡᠷᠡ ᠳᠠᠷᠤᠢ ᠡᠬᠢᠯᠡᠭᠦᠯᠵᠦ᠂ ᠲᠣᠭᠲᠠᠭᠠᠯ ᠶᠣᠰᠣᠭᠠᠷ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤ ᠪᠠ | ᠠᠶᠢᠮᠠᠭ ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠴᠠᠭ ᠲᠤᠬᠠᠢ ᠳᠤ ᠨᠢ ᠬᠥᠮᠥᠨ ᠲᠣᠮᠢᠯᠠᠨ ᠲᠤᠬᠠᠢ ᠶᠢᠨ | ᠲᠠᠯᠠᠪᠠᠢ ᠳᠤ ᠣᠴᠢᠭᠤᠯᠤᠨ ᠪᠠᠶᠢᠳᠠᠯ ᠢ ᠣᠶᠢᠯᠠᠭᠠᠨ ᠡᠵᠡᠮᠰᠢᠭᠦᠯᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ | ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠠᠭᠤᠷᠠᠯᠳᠤᠭᠠᠨ ᠢ ᠰᠢᠢᠳᠪᠦᠷᠢᠯᠡᠬᠦ ᠶᠢᠨ ᠬᠠᠮᠲᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠄ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠡᠷᠡ ᠳᠠᠷᠤᠢ ᠳᠤ ᠨᠢ ᠠᠷᠭ᠎ᠠ ᠬᠡᠮᠵᠢᠶ᠎ᠡ ᠠᠪᠤᠭᠤᠯᠵᠤ᠂ ᠬᠡᠷᠡᠭ | ᠶᠡᠬᠡᠳᠬᠦ ᠠᠴᠠ ᠰᠡᠷᠭᠡᠶᠢᠯᠡᠨ᠎ᠡ︔ | ︵ᠬᠤᠶᠠᠷ︶ ᠠᠵᠢᠯᠲᠠᠨ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠣᠴᠢᠭᠤᠯᠵᠤ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠯᠦᠭᠡ ᠬᠠᠮᠵᠢᠯᠴᠠᠨ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ | ︵ᠭᠤᠷᠪᠠ︶ ᠨᠡᠪᠲᠡᠷᠡᠯᠴᠡᠨ ᠣᠶᠢᠯᠠᠭᠠᠯᠴᠠᠵᠤ ᠵᠠᠯᠠᠵᠤ ᠵᠢᠯᠤᠭᠤᠳᠬᠤ ᠵᠡᠷᠭᠡ ᠠᠵᠢᠯ ᠢ ᠥᠷᠨᠢᠭᠦᠯᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ᠃ | ᠬᠤᠷᠢᠨ ᠳᠣᠯᠣᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠨᠢ ᠡᠮᠴᠢᠯᠡᠭᠡᠨ ᠤ ᠡᠮᠬᠢ ᠵᠢᠷᠤᠮ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ | ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠤ ᠪᠡᠶ᠎ᠡ ᠶᠢᠨ | ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠄ | ︵ᠨᠢᠭᠡ︶ ᠣᠯᠠᠭᠤᠯᠠ ᠴᠤᠭᠯᠠᠵᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ᠂ ᠠᠯᠪᠠᠯᠠᠬᠤ ᠲᠠᠯᠠᠪᠤᠷ ᠭᠠᠵᠠᠷ ᠢ ᠡᠵᠡᠯᠡᠬᠦ︔ | ︵ᠬᠤᠶᠠᠷ︶ ᠡᠮᠴᠢᠯᠡᠭᠡᠨ ᠤ ᠪᠠᠶᠢᠭᠤᠯᠤᠮᠵᠢ ᠳᠤ ᠬᠤᠪᠢ ᠪᠠᠷ ᠢᠶᠠᠨ ᠴᠢᠨᠳᠠᠷ ᠤᠨ ᠲᠠᠩᠬᠢᠮ ᠭᠠᠷᠭᠠᠬᠤ᠂ ᠴᠠᠭᠠᠷᠢᠭᠲᠤ ᠴᠡᠴᠡᠭ ᠲᠠᠯᠪᠢᠬᠤ᠂ ᠳᠣᠶ᠋ᠢᠩ ᠤᠨ ᠵᠣᠭᠤᠰ | ᠰᠢᠲᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠲᠣᠮᠣ ᠵᠢᠵᠢᠭ ᠦᠰᠦᠭᠲᠦ ᠰᠣᠨᠢᠨ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠭᠦᠳᠡ ᠬᠠᠭᠠᠯᠭ᠎ᠠ ᠶᠢ | ᠪᠥᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠬᠤ︔ | ︵ᠭᠤᠷᠪᠠ︶ ᠡᠮᠴᠢᠯᠡᠭᠡᠨ ᠤ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠴᠢᠨᠳᠠᠷ ᠲᠠᠯᠪᠢᠵᠤ᠂ ᠡᠮᠴᠢᠯᠡᠭᠡᠨ ᠤ ᠡᠮᠬᠢ ᠵᠢᠷᠤᠮ ᠢ ᠨᠥᠯᠥᠭᠡᠯᠡᠬᠦ︔ | ︵ᠳᠥᠷᠪᠡ︶ ᠡᠮᠨᠡᠯᠭᠡ ᠶᠢᠨ ᠠᠵᠢᠯᠲᠠᠨ ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭᠠᠬᠤ᠂ ᠵᠦᠬᠡᠨ ᠬᠠᠷᠢᠶᠠᠬᠤ᠂ ᠭᠦᠳᠬᠡᠬᠦ᠂ ᠰᠦᠷᠳᠡᠭᠦᠯᠬᠦ᠂ | ᠠᠵᠢᠯ ᠤᠨ ᠲᠠᠯᠠᠪᠤᠷ ᠠᠴᠠ ᠭᠠᠷᠭᠠᠬᠤ ᠦᠭᠡᠢ ᠵᠡᠷᠭᠡ ᠠᠷᠭ᠎ᠠ ᠮᠠᠶ᠋ᠢᠭ ᠢᠶᠠᠷ ᠡᠮᠨᠡᠯᠭᠡ ᠶᠢᠨ ᠠᠵᠢᠯᠲᠠᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ | ᠬᠢᠵᠠᠭᠠᠷᠯᠠᠵᠤ᠂ ᠡᠮᠨᠡᠯᠭᠡ ᠶᠢᠨ ᠠᠵᠢᠯᠲᠠᠨ ᠢ ᠵᠣᠳᠣᠬᠤ᠂ ᠪᠡᠶ᠎ᠡ ᠮᠠᠬᠠᠪᠤᠳ ᠢ ᠨᠢ ᠵᠣᠷᠢᠭᠤᠳᠠ ᠭᠡᠮᠲᠦᠭᠡᠬᠦ︔ | ︵ᠲᠠᠪᠤ︶ ᠫᠤᠤ ᠵᠡᠪᠰᠡᠭ᠂ ᠰᠤᠮᠤ ᠳᠠᠷᠢ᠂ ᠵᠠᠬᠢᠷᠤᠨ ᠬᠠᠮᠢᠶᠠᠷᠴᠤ ᠪᠠᠶᠢᠭ᠎ᠠ ᠢᠷᠲᠦ ᠪᠠᠭᠠᠵᠢ ᠪᠤᠶᠤ ᠳᠡᠯᠪᠡᠷᠡᠬᠦ ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ | ᠬᠤᠣᠷᠲᠤ ᠴᠢᠨᠠᠷᠲᠠᠢ᠂ ᠢᠳᠡᠮᠡᠬᠡᠢ ᠴᠢᠨᠠᠷᠲᠠᠢ ᠵᠡᠷᠭᠡ ᠠᠶᠤᠯ ᠲᠠᠢ ᠪᠣᠳᠠᠰ ᠢ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠪᠤᠰᠤ ᠪᠠᠷ ᠠᠪᠴᠤ ᠣᠷᠣᠬᠤ︔ | ︵ᠵᠢᠷᠭᠤᠭ᠎ᠠ︶ ᠬᠡᠷᠡᠭ ᠢ ᠵᠣᠷᠢᠭᠤᠳᠠ ᠶᠡᠬᠡᠳᠬᠡᠬᠦ᠂ ᠪᠤᠰᠤᠳ ᠬᠥᠮᠥᠨ ᠢ ᠥᠳᠥᠭᠡᠵᠦ᠂ ᠬᠠᠪᠰᠤᠷᠴᠤ ᠪᠠᠶᠢᠭᠠᠳ ᠡᠮᠴᠢᠯᠡᠭᠡᠨ ᠤ ᠪᠠᠶᠢᠭᠤᠯᠤᠮᠵᠢ ᠪᠤᠶᠤ | ᠡᠮᠨᠡᠯᠭᠡ ᠶᠢᠨ ᠠᠵᠢᠯᠲᠠᠨ ᠳᠤ ᠴᠢᠭᠯᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ᠂ ᠡᠰᠡᠬᠦᠯ᠎ᠡ ᠪᠤᠰᠤᠳ ᠬᠥᠮᠥᠨ ᠤ ᠨᠠᠶᠢᠳᠠᠯᠭ᠎ᠠ ᠪᠠᠷ ᠡᠮᠴᠢᠯᠡᠭᠡᠨ ᠤ | ᠵᠠᠭᠤᠷᠠᠯᠳᠤᠭᠠᠨ ᠢ ᠰᠢᠢᠳᠪᠦᠷᠢᠯᠡᠬᠦ ᠨᠡᠷ᠎ᠡ ᠪᠠᠷ ᠬᠢᠬᠠᠵᠤ ᠮᠥᠯᠵᠢᠬᠦ᠂ ᠬᠡᠷᠡᠭ ᠥᠳᠥᠭᠡᠵᠦ ᠦᠢᠮᠡᠭᠦᠯᠦᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ︔ | ︵ᠳᠣᠯᠤᠭ᠎ᠠ︶ ᠬᠤᠪᠢ ᠶᠢᠨ ᠵᠠᠭᠤᠴᠢᠯᠠᠭᠤᠷ ᠵᠡᠷᠭᠡ ᠵᠠᠭᠤᠴᠢ ᠪᠠᠷ ᠳᠠᠮᠵᠢᠭᠤᠯᠤᠨ ᠪᠣᠳᠠᠲᠤ ᠬᠡᠷᠡᠭ ᠢ ᠭᠠᠵᠢᠭᠤᠳᠠᠭᠤᠯᠤᠨ᠂ ᠦᠨᠡᠨ ᠪᠣᠳᠠᠲᠠᠢ ᠪᠤᠰᠤ ᠦᠭᠡ | ᠶᠠᠷᠢᠶ᠎ᠠ ᠵᠡᠷᠭᠡ ᠶᠢ ᠤᠯᠠᠮᠵᠢᠯᠠᠨ ᠲᠠᠷᠬᠠᠭᠠᠵᠤ᠂ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ ᠴᠤᠤᠷᠬᠠᠯ ᠲᠠᠯᠪᠢᠵᠤ᠂ ᠭᠦᠳᠬᠡᠬᠦ︔ | | ︵ᠨᠠᠢᠮᠠ︶ ᠡᠮᠴᠢᠯᠡᠭᠡᠨ ᠤ ᠵᠠᠭᠤᠷᠠᠯᠳᠤᠭᠠᠨ ᠲᠠᠢ ᠬᠠᠮᠢᠶ᠎ᠠ ᠪᠦᠬᠦᠢ ᠡᠪᠡᠳᠴᠢᠨ ᠤ ᠲᠡᠦᠬᠡ ᠶᠢᠨ ᠮᠠᠲ᠋ᠧᠷᠢᠶᠠᠯ ᠵᠢᠴᠢ ᠡᠮ ᠤᠨ ᠵᠦᠢᠯ᠂ ᠡᠷᠡᠭᠦᠯ ᠬᠠᠮᠠᠭᠠᠯᠠᠯ ᠤᠨ | ᠮᠠᠲ᠋ᠧᠷᠢᠶᠠᠯ᠂ ᠪᠠᠭᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠶᠢ ᠪᠤᠯᠢᠶᠠᠬᠤ᠂ ᠡᠪᠳᠡᠨ ᠰᠦᠢᠳᠬᠡᠬᠦ︔ | ︵ᠶᠢᠰᠦ︶ ᠨᠡᠶᠢᠲᠡ ᠶᠢᠨ ᠪᠠ ᠬᠤᠪᠢ ᠶᠢᠨ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠪᠤᠯᠢᠶᠠᠬᠤ᠂ ᠵᠣᠷᠢᠭᠤᠳᠠ ᠡᠪᠳᠡᠨ ᠰᠦᠢᠳᠬᠡᠬᠦ︔ | | ︵ᠠᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠤᠰᠤᠳ ᠦᠢᠯᠡ ᠠᠵᠢᠯᠯᠠᠭ᠎ᠠ᠃ | ᠡᠮᠴᠢᠯᠡᠭᠡᠨ ᠤ ᠵᠠᠭᠤᠷᠠᠯᠳᠤᠭᠠᠨ ᠤ ᠳᠤᠮᠳᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ | ᠬᠢᠭᠰᠡᠨ ᠢᠶᠠᠷ ᠰᠡᠵᠢᠭᠯᠡᠭᠳᠡᠪᠡᠯ ᠡᠮᠴᠢᠯᠡᠭᠡᠨ ᠤ ᠪᠠᠶᠢᠭᠤᠯᠤᠮᠵᠢ ᠨᠢ ᠲᠡᠷᠡ ᠳᠠᠷᠤᠢ ᠳᠤ ᠨᠢ ᠪᠠᠶᠢᠭ᠎ᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠬᠡᠷᠡᠭ ᠮᠡᠳᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭᠠᠷ ᠰᠢᠢᠳᠪᠦᠷᠢᠯᠡᠵᠦ᠂ | ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠢ ᠵᠥᠪᠳᠡᠯᠴᠡᠨ ᠰᠢᠢᠳᠪᠦᠷᠢᠯᠡᠬᠦ ᠪᠠᠷ | ᠪᠣᠯᠣᠭᠰᠠᠨ ᠪᠠᠶᠢᠪᠠᠯ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠤᠶᠠᠷ ᠲᠠᠯ᠎ᠠ ᠪᠠᠷ ᠢᠶᠠᠨ ᠵᠥᠪᠰᠢᠶᠡᠷᠡᠭᠰᠡᠨ ᠪᠤᠰᠤᠳ | ᠲᠠᠯᠠᠪᠤᠷ ᠭᠠᠵᠠᠷ ᠲᠤ ᠵᠥᠪᠳᠡᠯᠴᠡᠵᠦ᠂ ᠡᠮᠴᠢᠯᠡᠭᠡᠨ ᠤ ᠬᠡᠪ ᠤᠨ ᠡᠮᠬᠢ ᠵᠢᠷᠤᠮ ᠢ ᠨᠥᠯᠥᠭᠡᠯᠡᠵᠦ ᠪᠣᠯᠬᠤ ᠦᠭᠡᠢ᠃ | ︵ᠬᠤᠶᠠᠷ︶ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠥᠮᠥᠨ ᠤ ᠲᠤᠭ᠎ᠠ ᠨᠡᠯᠢᠶᠡᠳ ᠣᠯᠠᠨ ᠪᠠᠶᠢᠪᠠᠯ᠂ ᠲᠥᠯᠥᠭᠡᠯᠡᠭᠴᠢ ᠰᠣᠩᠭᠤᠨ ᠵᠥᠪᠳᠡᠯᠴᠡᠵᠦ᠂ | ᠲᠠᠯ᠎ᠠ ᠪᠦᠷᠢ ᠶᠢᠨ ᠲᠥᠯᠥᠭᠡᠯᠡᠭᠴᠢ ᠶᠢᠨ ᠲᠤᠭ᠎ᠠ ᠶᠢ 5 ᠠᠴᠠ ᠬᠡᠲᠦᠷᠡᠭᠦᠯᠬᠦ ᠦᠭᠡᠢ ᠪᠠᠶᠢᠬᠤ ᠬᠡᠷᠡᠭᠲᠡᠢ᠃ | ︵ᠭᠤᠷᠪᠠ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠢ ᠰᠠᠶᠢᠨ ᠳᠤᠷ᠎ᠠ ᠠᠴᠠ ᠪᠠᠨ ᠵᠥᠪᠳᠡᠯᠴᠡᠨ | ᠰᠢᠢᠳᠪᠦᠷᠢᠯᠡᠬᠦ ᠳᠤ ᠂ ᠲᠥᠯᠥᠪᠦᠷᠢ ᠵᠣᠭᠤᠰ ᠤᠨ ᠲᠤᠭ᠎ᠠ ᠶᠢ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠨ ᠵᠥᠪᠳᠡᠯᠴᠡᠨ ᠲᠣᠭᠲᠠᠭᠠᠵᠤ᠂ ᠵᠥᠪᠳᠡᠯᠴᠡᠭᠡᠳ ᠰᠠᠨᠠᠯ | ᠨᠢᠭᠡᠳᠦᠭᠰᠡᠨ ᠪᠠᠶᠢᠪᠠᠯ᠂ ᠪᠢᠴᠢᠭᠯᠡᠭᠰᠡᠨ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ | ︵ᠳᠥᠷᠪᠡ︶ ᠵᠥᠷᠢᠯᠳᠦᠭᠡᠨ ᠨᠡᠯᠢᠶᠡᠳ ᠶᠡᠭᠡ ᠪᠤᠶᠤ ᠲᠥᠯᠥᠪᠦᠷᠢ ᠶᠢᠨ ᠲᠤᠭ᠎ᠠ ᠪᠠᠷ ᠨᠡᠯᠢᠶᠡᠳ ᠶᠡᠭᠡ ᠡᠮᠴᠢᠯᠡᠭᠡᠨ ᠤ ᠵᠠᠭᠤᠷᠠᠯᠳᠤᠭᠠᠨ ᠢ ᠡᠮᠴᠢ ᠪᠠ | ᠡᠪᠡᠳᠴᠢᠲᠡᠨ ᠬᠤᠶᠠᠷ ᠲᠠᠯ᠎ᠠ ᠪᠠᠷ ᠢᠶᠠᠨ ᠠᠷᠠᠳ ᠤᠨ ᠡᠶᠡᠳᠡᠭᠦᠯᠭᠡ ᠬᠢᠯᠭᠡᠬᠦ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠨᠢ ᠵᠣᠷᠢᠭᠵᠢᠭᠤᠯᠤᠨ᠎ᠠ᠃ | ︵ᠲᠠᠪᠤ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠲᠤᠬᠠᠢ ᠶᠢᠨ ᠲᠠᠯᠠᠪᠠᠢ ᠳᠤ ᠪᠠᠶᠢᠬᠤ ᠪᠠᠶᠢᠳᠠᠯ ᠳᠣᠣᠷ᠎ᠠ᠂ ᠡᠪᠡᠳᠴᠢᠨ ᠤ ᠲᠡᠦᠬᠡ ᠶᠢᠨ ᠮᠠᠲ᠋ᠧᠷᠢᠶᠠᠯ | ᠂ ᠲᠤᠬᠠᠢ ᠶᠢᠨ ᠲᠠᠯᠠᠪᠠᠢ ᠳᠠᠬᠢ ᠪᠣᠳᠠᠲᠤ ᠶᠠᠭᠤᠮ᠎ᠠ ᠶᠢ ᠲᠣᠭᠲᠠᠭᠠᠯ ᠶᠣᠰᠣᠭᠠᠷ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ ᠬᠡᠷᠡᠭᠲᠡᠢ᠃ | ︵ᠵᠢᠷᠭᠤᠭ᠎ᠠ︶ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠨᠠᠰᠤ ᠪᠠᠷᠠᠭᠰᠠᠨ ᠪᠠᠶᠢᠪᠠᠯ ᠴᠢᠨᠳᠠᠷ ᠢ ᠨᠢ ᠲᠡᠷᠡ ᠳᠠᠷᠤᠢ ᠳᠤ ᠨᠢ ᠬᠡᠭᠦᠷ ᠲᠠᠯᠪᠢᠬᠤ ᠲᠠᠰᠤᠯᠭ᠎ᠠ | ᠪᠤᠶᠤ ᠣᠷᠣᠰᠢᠭᠤᠯᠭ᠎ᠠ ᠶᠢᠨ ᠭᠠᠵᠠᠷ ᠵᠡᠷᠭᠡ ᠵᠢᠭᠠᠨ ᠲᠣᠭᠲᠠᠭᠠᠭᠰᠠᠨ ᠭᠠᠵᠠᠷ ᠲᠤ ᠰᠢᠯᠵᠢᠭᠦᠯᠦᠨ ᠲᠠᠯᠪᠢᠵᠤ᠂ ᠴᠢᠨᠳᠠᠷ ᠲᠠᠯᠪᠢᠬᠤ ᠬᠤᠭᠤᠴᠠᠭ᠎ᠠ ᠶᠢ ᠶᠡᠷᠦ ᠳᠤ ᠪᠠᠨ | 14 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠡᠪᠡᠳᠴᠢᠲᠡᠨ ᠤ ᠲᠠᠯ᠎ᠠ ᠶᠢᠨ ᠬᠢᠨ ᠡᠪᠡᠳᠴᠢᠲᠡᠨ ᠤ ᠴᠢᠨᠳᠠᠷ ᠢ ᠨᠢ ᠣᠷᠣᠰᠢᠭᠤᠯᠭ᠎ᠠ ᠶᠢᠨ ᠭᠠᠵᠠᠷ ᠵᠡᠷᠭᠡ | ᠲᠣᠭᠲᠠᠭᠰᠠᠨ ᠭᠠᠵᠠᠷ ᠲᠤ ᠰᠢᠯᠵᠢᠭᠦᠯᠬᠦ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠤᠯᠢ ᠶᠣᠰᠣᠭᠠᠷ ᠰᠢᠢᠳᠪᠦᠷᠢᠯᠡᠵᠦ᠂ | ᠣᠷᠣᠰᠢᠭᠤᠯᠭ᠎ᠠ ᠶᠢᠨ ᠭᠠᠵᠠᠷ ᠤᠨ ᠬᠢᠨ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠬᠠᠮᠵᠢᠯᠴᠠᠨ | ᠰᠠᠶᠢᠲᠤᠷ ᠬᠢᠬᠦ ᠬᠡᠷᠡᠭᠲᠡᠢ᠃ | ︵ᠳᠣᠯᠤᠭ᠎ᠠ︶ ᠡᠪᠡᠳᠴᠢᠲᠡᠨ ᠨᠠᠰᠤ ᠪᠠᠷᠠᠭᠰᠠᠨ ᠳᠤ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠨᠠᠰᠤ ᠪᠠᠷᠠᠭᠰᠠᠨ ᠰᠢᠯᠲᠠᠭᠠᠨ ᠳᠤ ᠣᠨᠳᠣᠣ | ᠰᠠᠨᠠᠯ ᠲᠠᠢ ᠪᠠᠶᠢᠪᠠᠯ ᠲᠣᠭᠲᠠᠭᠠᠯ ᠶᠣᠰᠣᠭᠠᠷ ᠴᠢᠨᠳᠠᠷ ᠢ ᠨᠢ ᠰᠢᠯᠭᠠᠨ ᠪᠠᠶᠢᠴᠠᠭᠠᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠳᠤ ᠠᠷᠠᠳ ᠤᠨ ᠡᠶᠡᠳᠡᠭᠦᠯᠭᠡ ᠬᠢᠯᠭᠡᠬᠦ ᠪᠠᠷ ᠭᠤᠶᠤᠴᠢᠯᠠᠭᠰᠠᠨ ᠪᠠᠶᠢᠪᠠᠯ᠂ ᠡᠮᠴᠢ ᠪᠠ ᠡᠪᠡᠳᠴᠢᠲᠡᠨ | ᠬᠤᠶᠠᠷ ᠲᠠᠯ᠎ᠠ ᠪᠠᠷ ᠢᠶᠠᠨ ᠬᠠᠮᠲᠤ ᠪᠠᠷ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ︵ᠳᠣᠷᠣᠭᠰᠢ ᠡᠮᠴᠢᠯᠡᠭᠡᠨ ᠤ ᠡᠶᠡᠳᠡᠭᠦᠯᠭᠡ ᠶᠢᠨ | ᠺᠣᠮᠢᠰ ᠭᠡᠵᠦ ᠲᠣᠪᠴᠢᠯᠠᠪᠠ︶ ᠲᠤ ᠭᠤᠶᠤᠴᠢᠯᠠᠯ ᠳᠤᠷᠠᠳᠤᠨ᠎ᠠ︔ ᠨᠢᠭᠡ ᠲᠠᠯ᠎ᠠ ᠶᠢᠨ ᠬᠢᠨᠢ ᠡᠶᠡᠳᠡᠭᠦᠯᠭᠡ ᠬᠢᠯᠭᠡᠬᠦ ᠪᠠᠷ ᠭᠤᠶᠤᠴᠢᠯᠠᠭᠰᠠᠨ ᠪᠠᠶᠢᠪᠠᠯ᠂ ᠡᠮᠴᠢᠯᠡᠭᠡᠨ ᠤ | ᠡᠶᠡᠳᠡᠭᠦᠯᠭᠡ ᠶᠢᠨ ᠺᠣᠮᠢᠰ ᠨᠢ ᠨᠥᠭᠦᠭᠡ ᠲᠠᠯ᠎ᠠ ᠶᠢᠨ ᠬᠢᠨ ᠤ ᠵᠥᠪᠰᠢᠶᠡᠷᠡᠯ ᠢ ᠣᠯᠣᠭᠰᠠᠨ ᠤ ᠳᠠᠷᠠᠭ᠎ᠠ ᠡᠶᠡᠳᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠳᠤ ᠬᠦᠨᠳᠦ | ᠬᠡᠴᠡᠭᠦᠦ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠢ ᠮᠡᠳᠡᠭᠰᠡᠨ ᠤ ᠳᠠᠷᠠᠭ᠎ᠠ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠠᠷᠠᠳ ᠤᠨ ᠡᠶᠡᠳᠡᠭᠦᠯᠦᠭᠴᠢ | ᠲᠣᠮᠢᠯᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠥᠷᠨᠢᠭᠦᠯᠵᠦ᠂ ᠬᠤᠶᠠᠷ ᠲᠠᠯ᠎ᠠ ᠶᠢᠨ ᠬᠢᠨ ᠢ ᠭᠤᠶᠤᠴᠢᠯᠠᠨ | ᠡᠶᠡᠳᠡᠭᠦᠯᠭᠡ ᠬᠢᠯᠭᠡᠬᠦ ᠪᠠᠷ ᠬᠥᠲᠥᠯᠥᠨ ᠵᠢᠯᠤᠭᠤᠳᠴᠤ ᠪᠣᠯᠣᠨ᠎ᠠ᠃ ᠮᠥᠨ ᠴᠦ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ ᠪᠠᠷ ᠨᠠᠶᠢᠳᠠᠭᠰᠠᠨ ᠵᠦᠢᠯᠡᠰ ᠢ ᠬᠦᠯᠢᠶᠡᠨ ᠠᠪᠴᠤ ᠪᠣᠯᠣᠨ᠎ᠠ᠃ | ᠭᠤᠴᠢᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠨᠢᠭᠡᠨᠲᠡ | ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ ᠡᠶᠡᠳᠡᠭᠦᠯᠭᠡ ᠪᠠᠨ ᠵᠣᠭᠰᠣᠭᠠᠨ᠎ᠠ᠄ | ︵ᠨᠢᠭᠡ︶ ᠲᠤᠬᠠᠶᠢᠲᠠᠢ ᠬᠥᠮᠥᠨ ᠨᠢ ᠨᠢᠭᠡᠨᠲᠡ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ | ᠬᠦᠯᠢᠶᠡᠨ ᠠᠪᠤᠭᠰᠠᠨ᠂ ᠡᠰᠡᠬᠦᠯ᠎ᠡ ᠠᠷᠠᠳ ᠤᠨ ᠰᠢᠭᠦᠬᠦ ᠬᠤᠷᠢᠶ᠎ᠠ ᠨᠢᠭᠡᠨᠲᠡ ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ︔ ᠠᠷᠠᠳ ᠤᠨ | ᠰᠢᠭᠦᠬᠦ ᠬᠤᠷᠢᠶ᠎ᠠ ᠬᠠᠤᠯᠢ ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠤᠶᠤ ᠲᠣᠮᠢᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ︵ᠬᠤᠶᠠᠷ︶ ᠲᠤᠬᠠᠶᠢᠲᠠᠢ ᠬᠥᠮᠥᠨ ᠨᠢ ᠨᠢᠭᠡᠨᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠡᠶᠡᠳᠡᠭᠦᠯᠬᠦ ᠪᠠᠷ | ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ᠂ ᠡᠰᠡᠬᠦᠯ᠎ᠡ ᠵᠠᠰᠠᠭ ᠵᠠᠬᠢᠷᠭᠠᠨ ᠤ ᠡᠶᠡᠳᠡᠭᠦᠯᠭᠡ ᠪᠠᠷ ᠳᠠᠮᠵᠢᠨ ᠬᠡᠷᠡᠭ ᠳᠠᠭᠤᠰᠤᠭᠰᠠᠨ︔ | ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ︵ᠭᠤᠷᠪᠠ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠳᠡᠭᠦᠯᠬᠦ ᠶᠢ ᠵᠥᠪᠰᠢᠶᠡᠷᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠶᠢᠳᠠᠯ᠃ | ︵ᠳᠥᠷᠪᠡ︶ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠨ ᠭᠦᠢᠴᠡᠳᠭᠡᠭᠴᠢ ᠬᠤᠪᠢ ᠬᠥᠮᠥᠨ ᠤ ᠦᠨᠡᠨ ᠪᠣᠳᠠᠲᠠᠢ ᠬᠦᠴᠦᠨ ᠪᠦᠬᠦᠢ ᠪᠡᠶ᠎ᠡ ᠶᠢᠨ ᠦᠨᠡᠮᠯᠡᠯ | ᠪᠤᠶᠤ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠬᠠᠩᠭᠠᠬᠤ ᠶᠢ ᠲᠡᠪᠴᠢᠭᠰᠡᠨ ᠪᠠᠶᠢᠳᠠᠯ᠃ | ︵ᠲᠠᠪᠤ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠶᠢᠨ ᠵᠥᠪᠯᠡᠯᠴᠡᠭᠡᠷ ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠶᠢᠳᠠᠯ᠃ | | ︵ᠵᠢᠷᠭᠤᠭ᠎ᠠ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠢᠶᠠᠨ ᠪᠤᠴᠠᠭᠠᠬᠤ ᠪᠤᠶᠤ ᠡᠶᠡᠳᠡᠭᠦᠯᠬᠦ ᠶᠢ ᠬᠦᠯᠢᠶᠡᠬᠦ ᠦᠭᠡᠢ ᠭᠡᠵᠦ | ᠲᠣᠳᠣᠷᠬᠠᠢ ᠢᠯᠡᠳᠬᠡᠭᠰᠡᠨ ᠪᠠᠶᠢᠳᠠᠯ᠃ | ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠰᠬᠠᠢ ᠪᠠᠶᠢᠭᠤᠯᠭ᠎ᠠ ᠳᠤ ᠬᠠᠷᠢᠶᠠᠯᠠᠭᠤᠯᠤᠨ ᠰᠢᠢᠳᠪᠦᠷᠢᠯᠡᠭᠦᠯᠬᠦ ᠪᠠᠷ ᠲᠣᠭᠲᠠᠭᠠᠭᠰᠠᠨ᠂ ᠡᠰᠡᠬᠦᠯ᠎ᠡ | ᠬᠠᠤᠯᠢ ᠴᠠᠭᠠᠵᠠ ᠬᠠᠤᠯᠢ ᠲᠣᠭᠲᠠᠭᠠᠯ ᠳᠤ ᠠᠷᠠᠳ ᠤᠨ ᠬᠤᠭᠤᠷᠣᠨᠳᠤᠬᠢ ᠡᠶᠡᠳᠡᠭᠦᠯᠬᠦ ᠠᠷᠭ᠎ᠠ ᠭᠡᠯᠪᠡᠷᠢ ᠪᠠᠷ ᠰᠢᠢᠳᠪᠦᠷᠢᠯᠡᠬᠦ ᠶᠢ ᠴᠠᠭᠠᠵᠠᠯᠠᠭᠰᠠᠨ᠂ ᠡᠰᠡᠬᠦᠯ᠎ᠡ | ᠡᠶᠡᠳᠡᠭᠦᠯᠵᠦ ᠲᠠᠶᠢᠯᠬᠦ ᠦᠭᠡᠢ ᠪᠣᠯᠣᠭᠰᠠᠨ ᠪᠤᠰᠤᠳ ᠪᠠᠶᠢᠳᠠᠯ᠃ | ᠭᠤᠴᠢᠨ ᠨᠢᠭᠡᠳᠦᠭᠡᠷ ᠵᠦᠢᠯ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ ᠳᠤ ᠪᠠᠨ ᠳᠣᠣᠷ᠎ᠠ ᠵᠢᠭᠰᠠᠭᠠᠭᠰᠠᠨ | ᠲᠣᠭᠲᠠᠭᠠᠯ ᠶᠣᠰᠣᠭᠠᠷ ᠶᠠᠪᠤᠭᠳᠠᠭᠤᠯᠤᠨ᠎ᠠ᠄ | ᠡᠮᠴᠢ ᠪᠠ ᠡᠪᠡᠳᠴᠢᠲᠡᠨ ᠬᠤᠶᠠᠷ ᠲᠠᠯ᠎ᠠ ᠠᠴᠠ ᠲᠤᠰ ᠲᠤᠰ ᠪᠠᠶᠢᠳᠠᠯ ᠢ ᠨᠢ ᠣᠶᠢᠯᠠᠭᠠᠵᠤ᠂ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠲᠠᠯ᠎ᠠ ᠠᠴᠠ | ᠪᠠᠶᠢᠴᠠᠭᠠᠨ ᠬᠠᠷᠭᠤᠭᠤᠯᠵᠤ᠂ ᠡᠶᠡᠳᠡᠭᠦᠯᠬᠦ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠨ᠎ᠡ᠃ | ︵ᠨᠢᠭᠡ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ ᠭᠤᠶᠤᠴᠢᠯᠠᠯ ᠢ ᠣᠯᠣᠭᠰᠠᠨ ᠤ ᠳᠡᠷᠠᠭ᠎ᠠ᠂ 3 ᠠᠵᠢᠯᠯᠠᠬᠤ | ᠡᠳᠦᠷ ᠤᠨ ᠳᠣᠲᠣᠷ᠎ᠠ ᠬᠢᠨᠠᠨ ᠪᠠᠶᠢᠴᠠᠭᠠᠯᠲᠠ ᠬᠢᠵᠦ᠂ ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠪᠠᠶᠢᠪᠠᠯ᠂ ᠬᠠᠮᠢᠶ᠎ᠠ ᠪᠦᠬᠦᠢ ᠮᠠᠲ᠋ᠧᠷᠢᠶᠡᠯ ᠢᠶᠠᠨ | ᠲᠤᠰᠢᠶᠠᠬᠤ ᠬᠤᠭᠤᠴᠠᠭ᠎ᠠ ᠬᠢᠵᠠᠭᠠᠷ ᠱᠠᠭᠠᠷᠳᠠᠯᠭ᠎ᠠ ᠵᠢᠴᠢ ᠲᠤᠬᠠᠶᠢᠲᠠᠢ ᠬᠥᠮᠥᠨ ᠤ ᠡᠶᠡᠳᠡᠭᠦᠯᠬᠦ ᠠᠵᠢᠯᠯᠠᠭ᠎ᠠ ᠳᠤᠮᠳᠠ ᠡᠳ᠋ᠯᠡᠬᠦ ᠡᠷᠬᠡ ᠠᠰᠢᠭ ᠪᠠ ᠡᠭᠦᠷᠭᠡᠯᠡᠬᠦ | ᠡᠭᠦᠷᠭᠡ ᠶᠢ ᠪᠢᠴᠢᠭ ᠢᠶᠠᠷ ᠮᠡᠳᠡᠭᠳᠡᠨ᠎ᠡ︔ ᠰᠢᠢᠳᠪᠦᠷᠢᠯᠡᠬᠦ ᠶᠢ ᠡᠰᠡ ᠬᠦᠯᠢᠶᠡᠭᠰᠡᠨ ᠪᠠᠶᠢᠪᠠᠯ᠂ ᠲᠤᠬᠠᠶᠢᠲᠠᠢ ᠬᠥᠮᠥᠨ ᠳᠤ ᠮᠡᠳᠡᠭᠳᠡᠬᠦ ᠶᠢᠨ ᠬᠠᠮᠲᠤ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠶᠢᠨ ᠳᠠᠭᠠᠤ᠂ ᠲᠤᠬᠠᠶᠢᠲᠠᠢ ᠬᠥᠮᠥᠨ ᠳᠤ ᠬᠠᠤᠯᠢ ᠶᠣᠰᠣᠭᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ ᠤ ᠠᠷᠭ᠎ᠠ ᠵᠠᠮ ᠢᠶᠠᠷ | ᠳᠠᠮᠵᠢᠭᠤᠯᠤᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠵᠦ ᠪᠤᠯᠬᠤ ᠶᠢ ᠮᠡᠳᠡᠭᠳᠡᠬᠦ ᠬᠡᠷᠡᠭᠲᠡᠢ᠃ | ︵ᠬᠤᠶᠠᠷ︶ ᠠᠷᠠᠳ ᠤᠨ ᠡᠶᠡᠳᠡᠭᠦᠯᠦᠭᠴᠢ ᠶᠢ ᠵᠢᠭᠠᠨ ᠲᠣᠮᠢᠯᠠᠬᠤ ᠪᠤᠶᠤ ᠲᠤᠬᠠᠶᠢᠲᠠᠢ ᠬᠥᠮᠥᠨ ᠬᠤᠶᠠᠷ ᠠᠴᠠ ᠳᠡᠭᠡᠭᠰᠢ ᠬᠥᠮᠥᠨ ᠢ ᠬᠠᠮᠲᠤ ᠪᠠᠷ ᠰᠣᠩᠭᠤᠨ | ᠲᠣᠭᠲᠠᠭᠠᠵᠤ ᠡᠶᠡᠳᠡᠭᠦᠯᠭᠡ ᠳᠤ ᠣᠷᠣᠯᠴᠠᠭᠤᠯᠬᠤ ᠶᠢᠨ ᠬᠠᠮᠲᠤ ᠨᠢᠭᠡ ᠬᠥᠮᠥᠨ ᠢ ᠭᠤᠣᠯᠴᠢᠯᠠᠨ ᠡᠶᠡᠳᠡᠭᠦᠯᠦᠭᠴᠢ ᠲᠣᠭᠲᠠᠭᠠᠨ᠎ᠠ᠃ | ︵ᠭᠤᠷᠪᠠ︶ ᠡᠶᠡᠳᠡᠭᠦᠯᠦᠭᠴᠢ ᠨᠢ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠭᠴᠢ ᠶᠢᠨ ᠣᠶᠢᠷ᠎ᠠ ᠲᠥᠷᠥᠯ ᠰᠠᠳᠤᠨ᠂ ᠡᠰᠡᠬᠦᠯ᠎ᠡ ᠡᠮᠴᠢᠯᠡᠭᠡᠨ ᠤ | ᠵᠠᠭᠤᠷᠠᠯᠳᠤᠭᠠᠨ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ᠂ ᠡᠰᠡᠬᠦᠯ᠎ᠡ ᠲᠤᠬᠠᠶᠢᠲᠠᠢ ᠬᠥᠮᠥᠨ ᠯᠦᠭᠡ ᠡᠮᠴᠢᠯᠡᠭᠡᠨ ᠤ ᠵᠠᠭᠤᠷᠠᠯᠳᠤᠭᠠᠨ ᠢ ᠭᠤᠣᠯᠴᠢ ᠪᠠᠷ | ᠰᠢᠢᠳᠪᠦᠷᠢᠯᠡᠬᠦ ᠶᠢ ᠨᠥᠯᠥᠭᠡᠯᠡᠵᠦ ᠮᠡᠳᠡᠬᠦ ᠪᠤᠰᠤᠳ ᠬᠠᠷᠢᠴᠠᠭ᠎ᠠ ᠲᠠᠢ ᠪᠠᠶᠢᠪᠠᠯ᠂ ᠥᠪᠡᠰᠦᠪᠡᠨ ᠵᠠᠶᠢᠯᠠᠬᠤ ᠪᠤᠶᠤ ᠲᠤᠬᠠᠶᠢᠲᠠᠢ ᠬᠥᠮᠥᠨ ᠠᠴᠠ ᠵᠠᠶᠢᠯᠠᠭᠤᠯᠬᠤ ᠪᠠᠷ | ᠭᠤᠶᠤᠴᠢᠯᠠᠬᠤ ᠬᠡᠷᠡᠭᠲᠡᠢ᠃ | ︵ᠳᠥᠷᠪᠡ︶ ᠡᠶᠡᠳᠡᠭᠦᠯᠬᠦ ᠠᠵᠢᠯ ᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠲᠣᠬᠢᠷᠠᠭᠤᠯᠤᠭᠰᠠᠨ ᠡᠶᠡᠳᠡᠭᠦᠯᠬᠦ ᠳᠠᠰᠤᠭ ᠲᠤ ᠶᠠᠪᠤᠭᠳᠠᠭᠤᠯᠬᠤ ᠬᠡᠷᠡᠭᠲᠡᠢ᠃ | | ︵ᠲᠠᠪᠤ︶ ᠲᠤᠬᠠᠶᠢᠲᠠᠢ ᠬᠥᠮᠥᠨ ᠨᠢ ᠣᠷᠣᠯᠠᠭᠴᠢ ᠳᠤ ᠪᠠᠨ ᠨᠠᠶᠢᠳᠠᠵᠤ ᠡᠶᠡᠳᠡᠭᠦᠯᠭᠡ ᠳᠤ ᠣᠷᠣᠯᠴᠠᠭᠤᠯᠵᠤ ᠪᠣᠯᠣᠨ᠎ᠠ᠂ ᠨᠠᠶᠢᠳᠠᠯᠭ᠎ᠠ ᠬᠦᠯᠢᠶᠡᠭᠴᠢ ᠨᠢ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠲᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ︔ ᠵᠠᠭᠤᠷᠠᠯᠳᠤᠭᠠᠨ ᠢ ᠡᠶᠡᠳᠡᠭᠦᠯᠦᠭᠰᠡᠨ ᠦᠷ᠎ᠡ | ᠳ᠋ᠦᠩ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠭᠤᠷᠪᠠᠳᠠᠭᠢ ᠬᠥᠮᠥᠨ ᠡᠶᠡᠳᠡᠭᠦᠯᠭᠡ ᠳᠤ ᠣᠷᠣᠯᠴᠠᠬᠤ ᠪᠠᠷ ᠭᠤᠶᠤᠴᠢᠯᠠᠵᠤ ᠪᠣᠯᠣᠨ᠎ᠠ︔ ᠲᠠᠯ᠎ᠠ ᠪᠦᠷᠢ ᠶᠢᠨ | ᠲᠥᠯᠥᠭᠡᠯᠡᠭᠴᠢ ᠶᠢᠨ ᠲᠤᠭ᠎ᠠ ᠶᠢ ᠡᠩ ᠤᠨ ᠪᠠᠶᠢᠳᠠᠯ ᠳᠤ 3 ᠠᠴᠠ ᠬᠡᠲᠦᠷᠡᠭᠦᠯᠵᠦ ᠪᠤᠯᠬᠤ ᠦᠭᠡᠢ᠃ | ︵ᠵᠢᠷᠭᠤᠭ᠎ᠠ︶ ᠡᠶᠡᠳᠡᠭᠦᠯᠬᠦ ᠶᠠᠪᠤᠴᠠ ᠳᠤ᠂ ᠲᠤᠬᠠᠶᠢᠲᠠᠢ ᠬᠥᠮᠥᠨ ᠡᠶᠡᠳᠡᠭᠦᠯᠬᠦ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠢ᠂ ᠲᠤᠬᠠᠶᠢᠲᠠᠢ ᠬᠥᠮᠥᠨ | ᠵᠠᠭᠤᠷᠠᠯᠳᠤᠭᠠᠨ ᠢ ᠲᠣᠭᠠᠴᠢᠬᠤ ᠶᠠᠪᠤᠴᠠ ᠳᠤ ᠵᠣᠷᠢᠭᠤᠳᠠ ᠪᠣᠳᠠᠲᠤ ᠬᠡᠷᠡᠭ ᠢ ᠭᠠᠵᠢᠭᠤᠳᠠᠭᠤᠯᠵᠤ᠂ ᠶᠣᠰᠣ ᠪᠤᠰᠤ ᠪᠠᠷ ᠠᠭᠠᠰᠢᠯᠠᠭᠰᠠᠨ ᠪᠠᠶᠢᠪᠠᠯ ᠡᠶᠡᠳᠡᠭᠦᠯᠦᠭᠴᠢ | ᠴᠠᠭ ᠲᠤᠬᠠᠢ ᠳᠤ ᠨᠢ ᠬᠤᠷᠢᠭᠯᠠᠨ ᠵᠣᠭᠰᠤᠭᠠᠬᠤ ᠪᠠ ᠵᠠᠯᠠᠷᠠᠭᠤᠯᠬᠤ ᠬᠡᠷᠡᠭᠲᠡᠢ᠃ | ︵ᠳᠣᠯᠤᠭ᠎ᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠵᠠᠭᠤᠷᠠᠯᠳᠤᠭᠠᠨ ᠢ ᠡᠶᠡᠳᠡᠭᠦᠯᠬᠦ ᠳᠤ ᠪᠠᠨ᠂ ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠰᠣᠩᠭᠤᠨ ᠠᠰᠠᠭᠤᠨ ᠯᠠᠪᠯᠠᠵᠤ ᠪᠣᠯᠣᠨ᠎ᠠ᠃ ᠡᠮᠴᠢᠯᠡᠭᠡᠨ ᠤ | ᠬᠤᠬᠢᠷᠠᠯ ᠳᠤ ᠬᠢᠨᠠᠨ ᠲᠣᠭᠲᠠᠭᠠᠯᠲᠠ ᠬᠢᠵᠦ ᠬᠠᠷᠢᠭᠤᠴᠠᠯᠭ᠎ᠠ ᠲᠣᠳᠣᠷᠬᠠᠶᠢᠯᠠᠬᠤ ᠴᠢᠬᠤᠯᠠᠲᠠᠢ ᠪᠣᠯ ᠲᠤᠬᠠᠶᠢᠲᠠᠢ ᠬᠥᠮᠥᠨ ᠬᠠᠮᠲᠤ ᠪᠠᠷ ᠠᠨᠠᠭᠠᠬᠤ ᠤᠬᠠᠭᠠᠨ ᠤ | ᠨᠡᠶᠢᠭᠡᠮᠯᠢᠭ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠳᠤ ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ᠂ ᠪᠠᠰᠠ ᠲᠤᠬᠠᠶᠢᠲᠠᠢ | ᠬᠥᠮᠥᠨ ᠢᠶᠠᠷ ᠵᠥᠪᠰᠢᠶᠡᠷᠡᠭᠦᠯᠦᠭᠡᠳ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠲᠤ ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ᠃ ᠲᠤᠰᠬᠠᠢ ᠮᠡᠷᠭᠡᠵᠢᠯᠲᠡᠨ ᠠᠴᠠ | ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠯᠲᠠ ᠬᠢᠯᠭᠡᠬᠦ ᠴᠢᠬᠤᠯᠠᠲᠠᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠲᠤᠬᠠᠶᠢᠲᠠᠢ ᠬᠥᠮᠥᠨ ᠳᠤ ᠬᠠᠮᠢᠶ᠎ᠠ | ᠪᠦᠬᠦᠢ ᠴᠤᠪᠤᠷᠠᠯ ᠪᠠ ᠱᠠᠭᠠᠷᠳᠠᠯᠭ᠎ᠠ ᠶᠢ ᠮᠡᠳᠡᠭᠳᠡᠬᠦ ᠬᠡᠷᠡᠭᠲᠡᠢ᠃ | ︵ᠨᠠᠢᠮᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ | ᠪᠡᠶᠡᠯᠡᠭᠦᠯᠵᠦ᠂ ᠬᠦᠯᠢᠶᠡᠨ ᠠᠪᠴᠤ ᠰᠢᠢᠳᠪᠦᠷᠢᠯᠡᠬᠦ ᠴᠠᠭ ᠬᠤᠭᠤᠴᠠᠭ᠎ᠠ ᠶᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠢᠨ ᠮᠠᠲ᠋ᠧᠷᠢᠶᠡᠯ ᠢᠶᠠᠨ ᠪᠦᠷᠢᠨ ᠭᠦᠢᠴᠡᠳ | ᠲᠤᠰᠢᠶᠠᠭᠰᠠᠨ ᠡᠳᠦᠷ ᠠᠴᠠ ᠡᠬᠢᠯᠡᠵᠦ ᠪᠤᠳᠣᠨ᠎ᠠ᠃ ᠣᠨᠴᠠᠭᠠᠢ ᠪᠠᠶᠢᠳᠠᠯ ᠠᠴᠠ ᠪᠣᠯᠵᠤ ᠡᠶᠡᠳᠡᠭᠦᠯᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠠᠶᠢᠪᠠᠯ᠂ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠢᠭᠡᠳ ᠲᠤᠬᠠᠶᠢᠲᠠᠢ ᠬᠥᠮᠥᠨ ᠨᠢ ᠡᠶᠡᠳᠡᠭᠦᠯᠬᠦ ᠬᠤᠭᠤᠴᠠᠭ᠎ᠠ ᠶᠢ ᠤᠷᠲᠤᠳᠬᠠᠬᠤ ᠪᠠᠷ ᠪᠣᠯᠵᠣᠨ ᠲᠣᠭᠲᠠᠵᠤ ᠪᠣᠯᠣᠨ᠎ᠠ᠃ | ᠡᠶᠡᠳᠡᠭᠦᠯᠬᠦ ᠬᠤᠭᠤᠴᠠᠭ᠎ᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ | ᠦᠵᠡᠨ᠎ᠡ᠃ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠶᠢᠪᠠᠯ᠂ ᠡᠮᠨᠡᠨ ᠵᠠᠰᠠᠬᠤ ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠬᠤ ᠦᠭᠡᠢ︔ | ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠠᠨᠠᠭᠠᠬᠤ ᠤᠬᠠᠭᠠᠨ ᠤ ᠰᠢᠯᠭᠠᠨ ᠲᠣᠭᠲᠠᠭᠠᠯᠲᠠ ᠪᠤᠶᠤ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠬᠢᠬᠦ | ᠴᠢᠬᠤᠯᠠᠲᠠᠢ ᠪᠠᠶᠢᠪᠠᠯ᠂ ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠬᠤ ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠵᠤ ᠤᠷᠤᠭᠤᠯᠬᠤ ᠦᠭᠡᠢ᠃ | | ︵ᠶᠢᠰᠦ︶ ᠲᠤᠬᠠᠶᠢᠲᠠᠢ ᠬᠥᠮᠥᠨ ᠨᠢ ᠡᠶᠡᠳᠡᠭᠦᠯᠬᠦ ᠪᠠᠷ ᠳᠠᠮᠵᠢᠭᠠᠳ ᠰᠠᠨᠠᠯ ᠨᠢᠭᠡᠳᠦᠭᠰᠡᠨ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠵᠣᠬᠢᠶᠠᠬᠤ ᠬᠡᠷᠡᠭᠲᠡᠢ᠃ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠲᠤᠬᠠᠶᠢᠲᠠᠢ ᠬᠥᠮᠥᠨ ᠭᠠᠷ ᠤᠨ ᠦᠰᠦᠭ | ᠵᠢᠷᠤᠬᠤ ᠪᠤᠶᠤ ᠲᠠᠮᠠᠭ᠎ᠠ ᠳᠠᠷᠤᠵᠤ᠂ ᠠᠷᠠᠳ ᠤᠨ ᠡᠶᠡᠳᠡᠭᠦᠯᠦᠭᠴᠢ ᠭᠠᠷ ᠤᠨ ᠦᠰᠦᠭ ᠵᠢᠷᠤᠬᠤ ᠶᠢᠨ ᠬᠠᠮᠲᠤ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠶᠢᠨ ᠺᠣᠮᠢᠰ ᠤᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠬᠦᠴᠦᠨ ᠲᠠᠢ ᠪᠣᠯᠣᠨ᠎ᠠ᠃ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠢ ᠡᠮᠴᠢ ᠪᠠ | ᠡᠪᠡᠳᠴᠢᠲᠡᠨ ᠬᠤᠶᠠᠷ ᠲᠠᠯ᠎ᠠ ᠶᠢᠨ ᠲᠤᠬᠠᠶᠢᠲᠠᠢ ᠬᠥᠮᠥᠨ ᠨᠢ ᠲᠣᠰ ᠪᠦᠷᠢ ᠨᠢᠭᠡ ᠬᠤᠪᠢ ᠠᠪᠴᠤ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢᠭᠡ ᠬᠤᠪᠢ | ᠦᠯᠡᠳᠡᠭᠡᠵᠦ ᠬᠠᠳᠠᠭᠠᠯᠠᠨ᠎ᠠ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠨᠢ ᠡᠮᠴᠢ ᠪᠠ ᠡᠪᠡᠳᠴᠢᠲᠡᠨ ᠬᠤᠶᠠᠷ ᠲᠠᠯ᠎ᠠ ᠳᠤ ᠴᠥᠮ ᠬᠢᠵᠠᠭᠠᠷᠯᠠᠬᠤ ᠬᠦᠴᠦᠨ ᠲᠠᠢ ᠪᠠᠶᠢᠵᠤ᠂ ᠪᠣᠯᠵᠣᠨ | ᠲᠣᠭᠲᠠᠭᠰᠠᠨ ᠶᠣᠰᠣᠭᠠᠷ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠭᠠᠷᠭᠠᠵᠤ ᠥᠭᠭᠦᠭᠰᠡᠨ ᠡᠶᠡᠳᠡᠭᠦᠯᠭᠡ ᠶᠢᠨ | ᠵᠥᠪᠯᠡᠯᠴᠡᠭᠡᠷ ᠤᠨ ᠪᠢᠴᠢᠭ ᠲᠤ ᠡᠶᠡᠳᠡᠭᠦᠯᠭᠡ ᠶᠢᠨ ᠵᠥᠪᠯᠡᠯᠴᠡᠭᠡᠷ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠤᠬᠠᠶᠢᠲᠠᠢ | ᠬᠥᠮᠥᠨ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠪᠠᠶᠢᠭ᠎ᠠ ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ ᠨᠤᠲᠠᠯᠠᠯᠲᠠ | ᠬᠢᠯᠭᠡᠬᠦ ᠪᠠᠷ ᠭᠤᠶᠤᠴᠢᠯᠠᠬᠤ ᠶᠢ ᠬᠠᠮᠲᠤ ᠪᠠᠷ ᠮᠡᠳᠡᠭᠳᠡᠬᠦ ᠬᠡᠷᠡᠭᠲᠡᠢ᠃ | ︵ᠠᠷᠪᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠶᠢᠪᠠᠯ᠂ ᠴᠠᠭ ᠲᠤᠬᠠᠢ ᠳᠤ ᠨᠢ ᠳᠠᠩᠰᠠᠨ ᠳᠤ ᠣᠷᠣᠭᠤᠯᠵᠤ ᠡᠪᠬᠡᠮᠡᠯ | ᠪᠣᠯᠭᠠᠬᠤ ᠬᠡᠷᠡᠭᠲᠡᠢ᠃ ᠡᠶᠡᠳᠡᠭᠦᠯᠭᠡ ᠶᠢᠨ ᠳᠠᠩᠰᠠ ᠡᠪᠬᠡᠮᠡᠯ ᠳᠤ ᠡᠶᠡᠳᠡᠭᠦᠯᠭᠡ ᠬᠢᠯᠭᠡᠬᠦ ᠭᠤᠶᠤᠴᠢᠯᠠᠯ ᠤᠨ ᠪᠢᠴᠢᠭ᠂ ᠵᠠᠭᠤᠷᠠᠯᠳᠤᠭᠠᠨ ᠤ ᠳᠠᠩᠰᠠᠯᠠᠯᠲᠠ ᠶᠢᠨ | ᠬᠦᠰᠦᠨᠦᠭᠲᠦ᠂ ᠡᠶᠡᠳᠡᠭᠦᠯᠭᠡ ᠶᠢᠨ ᠲᠡᠮᠳᠡᠭᠯᠡᠯ᠂ ᠪᠠᠶᠢᠴᠠᠭᠠᠯᠲᠠ ᠶᠢᠨ ᠲᠡᠮᠳᠡᠭᠯᠡᠯ᠂ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠰᠠᠨᠠᠯ ᠤᠨ ᠪᠢᠴᠢᠭ᠂ ᠰᠢᠯᠭᠠᠨ | ᠲᠣᠭᠲᠠᠭᠠᠭᠰᠠᠨ ᠰᠠᠨᠠᠯ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ᠂ ᠬᠠᠷᠢᠭᠤ ᠰᠤᠷᠪᠤᠯᠵᠢᠯᠠᠭᠰᠠᠨ ᠲᠡᠮᠳᠡᠭᠯᠡᠯ᠂ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ | ᠵᠡᠷᠭᠡ ᠶᠢ ᠪᠠᠭᠲᠠᠭᠠᠬᠤ ᠬᠡᠷᠡᠭᠲᠡᠢ᠃ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠳᠠᠩᠰᠠ ᠡᠪᠬᠡᠮᠡᠯ ᠢ ᠲᠣᠭᠲᠠᠭᠰᠠᠨ ᠬᠤᠭᠤᠴᠠᠭ᠎ᠠ ᠶᠣᠰᠣᠭᠠᠷ | ᠬᠠᠳᠠᠭᠠᠯᠠᠬᠤ ᠬᠡᠷᠡᠭᠲᠡᠢ᠃ | ︵ᠠᠷᠪᠠᠨ ᠨᠢᠭᠡ︶ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠡᠶᠡᠳᠡᠭᠦᠯᠭᠡ ᠶᠢ ᠵᠣᠭᠰᠣᠭᠠᠵᠤ᠂ | ᠡᠶᠡᠳᠡᠭᠦᠯᠭᠡ ᠶᠢ ᠵᠣᠭᠰᠣᠭᠠᠭᠰᠠᠨ ᠮᠡᠳᠡᠭᠳᠡᠯ ᠤᠨ ᠪᠢᠴᠢᠭ ᠭᠠᠷᠭᠠᠵᠤ᠂ ᠲᠤᠬᠠᠶᠢᠲᠠᠢ ᠬᠥᠮᠥᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠵᠠᠷᠭᠤ ᠬᠢᠬᠦ ᠵᠡᠷᠭᠡ ᠬᠠᠤᠯᠢ ᠶᠣᠰᠣᠨ ᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ | ᠮᠡᠳᠡᠭᠳᠡᠬᠦ ᠬᠡᠷᠡᠭᠲᠡᠢ᠃ ᠵᠥᠷᠢᠴᠡᠯ ᠰᠢᠷᠦᠭᠦᠰᠬᠦ ᠲᠦᠭᠰᠢᠭᠦᠷᠢ ᠶᠢᠨ ᠭᠡᠮ ᠰᠣᠭᠤᠭ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ | ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ | ᠵᠠᠭᠤᠷᠠᠯᠳᠤᠭᠠᠨ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠬᠠᠮᠲᠤ ᠪᠠᠷ ᠭᠤᠶᠤᠴᠢᠯᠠᠵᠤ ᠪᠣᠯᠣᠨ᠎ᠠ︔ ᠨᠢᠭᠡ ᠲᠠᠯ᠎ᠠ ᠨᠢ ᠡᠶᠡᠳᠡᠭᠦᠯᠬᠦ ᠪᠠᠷ | ᠭᠤᠶᠤᠴᠢᠯᠠᠭᠰᠠᠨ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠥᠭᠦᠭᠡ ᠲᠠᠯ᠎ᠠ ᠶᠢᠨ ᠵᠥᠪᠰᠢᠶᠡᠷᠡᠯ ᠢ | ᠣᠯᠣᠭᠰᠠᠨ ᠤ ᠳᠠᠷᠠᠭ᠎ᠠ ᠬᠢᠨᠠᠨ ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠡᠬᠢᠯᠡᠭᠦᠯᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ | ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ ᠲᠣᠭᠲᠠᠭᠠᠯ ᠭᠠᠷᠭᠠᠬᠤ ᠬᠡᠷᠡᠭᠲᠡᠢ᠃ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠨᠢᠭᠡᠨᠲᠡ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ᠂ ᠡᠰᠡᠬᠦᠯ᠎ᠡ ᠨᠢᠭᠡᠨᠲᠡ | ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ᠢᠶᠠᠷ ᠡᠶᠡᠳᠡᠭᠦᠯᠭᠡ ᠬᠢᠯᠭᠡᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ | ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠦᠯᠢᠶᠡᠨ ᠠᠪᠴᠤ | ᠰᠢᠢᠳᠪᠦᠷᠢᠯᠡᠬᠦ ᠦᠭᠡᠢ︔ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ ᠵᠠᠰᠠᠭ ᠵᠠᠬᠢᠷᠭᠠᠨ ᠤ ᠡᠶᠡᠳᠡᠭᠦᠯᠭᠡ ᠶᠢ ᠵᠣᠭᠰᠣᠭᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠶᠡᠳᠡᠭᠦᠯᠭᠡ ᠶᠢᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ | ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠬᠤᠬᠢᠷᠠᠯ ᠤᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ | ᠪᠣᠯ ᠬᠢᠨᠠᠨ ᠲᠣᠭᠲᠠᠭᠠᠬᠤ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠃ ᠡᠶᠡᠳᠡᠭᠦᠯᠬᠦ ᠬᠤᠭᠤᠴᠠᠭ᠎ᠠ ᠠᠴᠠ ᠬᠡᠲᠦᠷᠡᠭᠡᠳ | ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ᠃ | ᠭᠤᠴᠢᠨ ᠭᠤᠷᠪᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠡᠶᠡᠳᠡᠭᠦᠯᠭᠡ ᠪᠠᠷ ᠳᠠᠮᠵᠢᠨ ᠰᠠᠨᠠᠯ ᠨᠢᠭᠡᠳᠦᠭᠰᠡᠨ ᠪᠠᠶᠢᠪᠠᠯ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ | | ᠭᠤᠴᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠲᠤᠬᠠᠶᠢᠲᠠᠢ ᠬᠥᠮᠥᠨ ᠢ ᠤᠷᠢᠳ ᠢᠶᠠᠷ ᠰᠠᠶᠢᠨ ᠳᠤᠷ᠎ᠠ ᠠᠴᠠ ᠪᠠᠨ ᠵᠥᠪᠳᠡᠯᠴᠡᠵᠦ | ᠰᠢᠢᠳᠪᠦᠷᠢᠯᠡᠭᠦᠯᠬᠦ ᠪᠠᠷ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠲᠤᠬᠠᠶᠢᠲᠠᠢ ᠬᠥᠮᠥᠨ ᠨᠢ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ | ᠪᠦᠲᠦᠭᠰᠡᠨ ᠦᠭᠡᠢ ᠪᠠᠶᠢᠪᠠᠯ ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠤᠬᠠᠶᠢᠲᠠᠢ ᠬᠥᠮᠥᠨ ᠨᠢ ᠠᠷᠠᠳ ᠤᠨ | ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠡᠶᠡᠳᠡᠭᠦᠯᠭᠡ ᠭᠤᠶᠤᠴᠢᠯᠠᠬᠤ ᠪᠠᠷ ᠬᠥᠲᠥᠯᠥᠨ | ᠵᠢᠯᠤᠭᠤᠳᠬᠤ ᠬᠡᠷᠡᠭᠲᠡᠢ᠃ ᠲᠤᠬᠠᠶᠢᠲᠠᠢ ᠬᠥᠮᠥᠨ ᠨᠢ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ | ᠪᠣᠯ ᠲᠤᠬᠠᠶᠢᠲᠠᠢ ᠬᠥᠮᠥᠨ ᠳᠤ ᠪᠤᠰᠤᠳ ᠠᠷᠭ᠎ᠠ ᠵᠠᠮ ᠰᠣᠩᠭᠤᠵᠤ ᠰᠢᠢᠳᠪᠦᠷᠢᠯᠡᠬᠦ ᠶᠢ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ | | ᠳᠥᠷᠪᠡᠳᠦᠭᠡᠷ ᠪᠦᠯᠦᠭ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ | ᠭᠤᠴᠢᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠬᠡᠷᠡᠭᠲᠡᠢ᠂ | ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠂ ᠡᠪᠡᠳᠴᠢᠲᠡᠨ ᠤ ᠡᠮᠴᠢᠯᠡᠭᠡᠨ ᠤ | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠲᠦᠭᠰᠢᠭᠦᠷᠢ ᠶᠢ ᠰᠡᠷᠭᠡᠶᠢᠯᠡᠬᠦ ᠲᠠᠯ᠎ᠠ ᠳᠠᠬᠢ ᠳᠠᠭᠠᠳᠬᠠᠯ ᠤᠨ ᠴᠢᠳᠠᠮᠵᠢ | ᠦᠢᠯᠡᠳᠦᠯ ᠢ ᠪᠠᠳᠠᠷᠠᠭᠤᠯᠤᠨ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠡᠮᠴᠢᠯᠡᠭᠡᠨ ᠤ ᠲᠦᠭᠰᠢᠭᠦᠷᠢ ᠶᠢᠨ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠡᠮᠴᠢᠯᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠳᠦᠷᠢᠮ ᠢᠶᠠᠨ ᠲᠡᠭᠦᠯᠳᠡᠷᠵᠢᠭᠦᠯᠬᠦ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠵᠤ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠳᠠᠭᠠᠳᠬᠠᠯ ᠤᠨ ᠺᠣᠮᠫᠠᠨᠢ ᠯᠤᠭ᠎ᠠ ᠬᠠᠮᠲᠤᠷᠠᠯᠴᠠᠬᠤ ᠪᠤᠶᠤ ᠲᠤᠰᠬᠠᠢ | ᠳᠠᠭᠠᠳᠬᠠᠯ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠥᠷᠨᠢᠭᠦᠯᠵᠦ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ ᠳᠠᠭᠠᠳᠬᠠᠯ᠂ ᠡᠮᠴᠢᠯᠡᠭᠡᠨ ᠤ ᠰᠠᠨᠠᠭᠠᠨ ᠳᠤ ᠦᠭᠡᠢ | ᠭᠡᠮᠲᠦᠯ ᠤᠨ ᠳᠠᠭᠠᠳᠬᠠᠯ ᠵᠡᠷᠭᠡ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠬᠡᠯᠪᠡᠷᠢ ᠶᠢ ᠪᠦᠲᠦᠮᠵᠢᠲᠡᠶ ᠠᠰᠢᠭᠯᠠᠨ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠭᠤᠴᠢᠨ ᠳᠣᠯᠣᠳᠤᠭᠠᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ᠣᠯᠠᠨ ᠶᠠᠩᠵᠤ ᠶᠢᠨ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ ᠰᠡᠳᠦᠬᠦ ᠶᠢᠨ ᠬᠠᠮᠲᠤ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠰᠢᠭᠦᠯᠬᠦ᠂ ᠪᠡᠯᠡ ᠪᠠᠨ ᠪᠠᠲᠤᠯᠠᠨ ᠪᠠᠭ᠎ᠠ ᠣᠯᠵᠠ ᠣᠯᠬᠤ ᠵᠠᠷᠴᠢᠮ ᠶᠣᠰᠣᠭᠠᠷ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠴᠡᠭᠴᠡᠯᠡᠨ ᠲᠣᠭᠲᠠᠭᠠᠨ᠎ᠠ᠃ | ᠭᠤᠴᠢᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠭᠰᠠᠨ ᠪᠠᠶᠢᠪᠠᠯ ᠳᠠᠭᠠᠳᠬᠠᠯ ᠤᠨ | ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠥᠪᠡᠷ ᠤᠨ ᠥᠷᠲᠡᠭ ᠲᠤ ᠪᠣᠳᠣᠵᠤ ᠣᠷᠣᠭᠤᠯᠵᠤ ᠪᠣᠯᠣᠨ᠎ᠠ᠃ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠭᠰᠠᠨ ᠠᠴᠠ ᠪᠣᠯᠵᠤ ᠣᠳᠣ ᠶᠢᠨ ᠪᠠᠶᠢᠭ᠎ᠠ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠡᠪᠡᠳᠴᠢᠲᠡᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ᠂ ᠡᠮᠴᠢᠯᠡᠭᠡᠨ ᠤ ᠪᠠᠶᠢᠭᠤᠯᠤᠮᠵᠢ ᠨᠢ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠳᠠᠭᠠᠳᠬᠠᠯ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠵᠢᠴᠢ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ | ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠳᠤ ᠴᠠᠭ ᠲᠤᠬᠠᠢ ᠳᠤ ᠨᠢ ᠬᠡᠷᠡᠭ ᠮᠡᠳᠡᠭᠦᠯᠬᠦ ᠶᠢᠨ ᠬᠠᠮᠲᠤ | ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠬᠠᠩᠭᠠᠬᠤ ᠬᠡᠷᠡᠭᠲᠡᠢ᠃ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠨᠢ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ | ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠬᠠᠮᠲᠤ ᠴᠠᠭ | ᠲᠤᠬᠠᠢ ᠳᠤ ᠨᠢ ᠲᠥᠯᠥᠵᠦ ᠰᠢᠢᠳᠪᠦᠷᠢᠯᠡᠬᠦ ᠬᠡᠷᠡᠭᠲᠡᠢ᠃ | ᠳᠥᠴᠢᠳᠦᠭᠡᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠳᠠᠭᠠᠳᠬᠠᠯ ᠤᠨ ᠭᠡᠷ᠎ᠡ ᠳᠤ ᠪᠣᠯᠵᠣᠨ | ᠲᠣᠭᠲᠠᠭᠰᠠᠨ ᠶᠣᠰᠣᠭᠠᠷ᠂ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠴᠠᠭ ᠲᠤᠬᠠᠢ ᠳᠤ ᠨᠢ᠂ ᠪᠣᠳᠠᠲᠤ | ᠪᠠᠶᠢᠳᠠᠯ ᠢ ᠦᠨᠳᠦᠰᠦᠯᠡᠨ᠂ ᠭᠦᠢᠴᠡᠳ ᠲᠤᠭ᠎ᠠ ᠪᠠᠷ ᠲᠥᠯᠥᠪᠦᠷᠢ ᠥᠭᠬᠦ ᠶᠢᠨ ᠬᠠᠮᠲᠤ ᠬᠠᠮᠢᠶ᠎ᠠ ᠪᠦᠬᠦᠢ ᠳᠠᠭᠠᠳᠬᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ | ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠦᠢᠯᠡᠴᠢᠯᠡᠭᠡᠨ ᠤ ᠤᠬᠠᠮᠰᠠᠷ ᠢᠶᠠᠨ ᠨᠡᠮᠡᠭᠳᠡᠭᠦᠯᠵᠦ᠂ ᠳᠠᠭᠠᠳᠬᠠᠯ ᠳᠤ ᠣᠷᠤᠯᠴᠠᠬᠤ᠂ ᠲᠥᠯᠥᠪᠦᠷᠢ ᠥᠭᠬᠦ | ᠴᠤᠪᠤᠷᠠᠯ ᠢᠶᠠᠨ ᠰᠢᠯᠢᠳᠡᠭᠵᠢᠭᠦᠯᠦᠨ᠂ ᠭᠠᠷᠳᠠᠮ ᠢᠶᠠᠨ ᠳᠥᠭᠦᠮᠴᠢᠯᠡᠵᠦ᠂ ᠳᠠᠭᠠᠳᠬᠠᠯ ᠳᠤ ᠣᠷᠤᠯᠴᠠᠬᠤ ᠨᠢᠭᠡᠴᠢ ᠳᠤ ᠳᠥᠭᠦᠮ ᠦᠵᠡᠭᠦᠯᠵᠦ᠂ ᠲᠥᠯᠥᠪᠦᠷᠢ ᠥᠭᠬᠦ ᠶᠢ | ᠶᠣᠰᠣ ᠪᠤᠰᠤ ᠪᠠᠷ ᠲᠡᠪᠴᠢᠵᠦ ᠪᠣᠯᠬᠤ ᠦᠭᠡᠢ᠃ | ᠳᠥᠴᠢᠨ ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠠᠭᠠᠳᠬᠠᠯ ᠤᠨ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ ᠵᠢᠭᠠᠨ ᠵᠢᠯᠤᠭᠤᠳᠴᠤ ᠪᠠᠶᠢᠭᠠᠳ ᠳᠠᠭᠠᠳᠬᠠᠯ ᠤᠨ ᠲᠥᠯᠥᠪᠦᠷᠢ ᠥᠭᠬᠦ ᠪᠠ | ᠠᠷᠠᠳ ᠤᠨ ᠡᠶᠡᠳᠡᠭᠦᠯᠭᠡ ᠶᠢᠨ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠯᠭᠡᠵᠦ᠂ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨᠲ᠋ᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ | ᠴᠢᠩᠭᠠᠳᠬᠠᠬᠤ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠬᠢᠭᠡᠳ ᠰᠢᠢᠳᠪᠦᠷᠢᠯᠡᠬᠦ ᠲᠠᠯ᠎ᠠ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠡᠮᠴᠢᠯᠡᠭᠡᠨ ᠤ ᠬᠤᠬᠢᠷᠠᠯ ᠢ ᠰᠢᠯᠭᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ | ᠭᠦᠢᠴᠡᠳᠬᠡᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠠᠭᠠᠳᠬᠠᠯ ᠤᠨ ᠪᠠᠶᠢᠭᠤᠯᠤᠮᠵᠢ ᠶᠢᠨ | ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠪᠠ ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ | ᠥᠷᠨᠢᠭᠦᠯᠬᠦ ᠳᠤ ᠨᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠳᠠᠭᠠᠳᠬᠠᠯ ᠬᠦᠯᠢᠶᠡᠬᠦ ᠵᠢᠴᠢ ᠲᠥᠯᠥᠪᠦᠷᠢ ᠥᠭᠬᠦ ᠠᠵᠢᠯ ᠳᠠᠬᠢ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠠᠵᠢᠯ ᠳᠤ᠂ ᠡᠮᠨᠡᠯᠭᠡ ᠶᠢᠨ ᠬᠤᠷᠢᠶ᠎ᠠ ᠨᠤᠭᠤᠳ ᠤᠨ ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ | ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠪᠠ ᠡᠮᠴᠢᠯᠡᠭᠡᠨ ᠤ ᠮᠡᠷᠭᠡᠵᠢᠯ ᠤᠨ | ᠡᠮᠴᠢᠯᠡᠭᠡ ᠶᠢᠨ ᠬᠡᠷᠡᠭᠯᠡᠭᠡᠨ ᠳᠠᠬᠢ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠡᠮᠴᠢᠯᠡᠭᠰᠡᠨ ᠠᠴᠠ ᠪᠣᠯᠤᠭᠰᠠᠨ ᠵᠠᠭᠤᠷᠠᠯᠳᠤᠭᠠᠨ ᠨᠢ ᠲᠤᠰ ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ | ᠵᠠᠭᠤᠷᠠᠯᠳᠤᠭᠠᠨ ᠳᠤ ᠪᠠᠭᠲᠠᠬᠤ ᠦᠭᠡᠢ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 10 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | |