ᠭᠡᠭᠡᠨ ᠭᠤᠣᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠠᠩᠬᠠᠳᠠᠭᠴᠢ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠳᠤ ᠣᠷᠣᠪᠠ
ᠨᠡᠶᠢᠲᠡᠯᠡᠭᠰᠡᠨ ᠴᠠᠭ᠄
2025/1/3
    ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ︽ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠢᠨᠵᠧᠨᠧᠷᠢᠩ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ᠶᠣᠰᠣᠭᠠᠷ᠂ 12 ᠰᠠᠷ᠎ᠠ ᠶᠢᠨ 1 ᠤ ᠡᠳᠦᠷ ᠠᠴᠠ ᠬᠤᠶᠢᠰᠢ ᠲᠠᠯᠠᠪᠠᠶ ᠳᠤ ᠣᠷᠣᠬᠤ ᠲᠥᠷᠥᠯ ᠵᠦᠢᠯ ᠢ ᠰᠢᠨ᠎ᠡ ᠰᠢᠰᠲ᠋ᠧᠮ ᠳᠤ ᠠᠵᠢᠯᠯᠠᠭᠤᠯᠤᠨ᠎ᠠ᠃    12 ᠰᠠᠷ᠎ᠠ ᠶᠢᠨ 16 ᠤ ᠡᠳᠦᠷ᠂ ᠭᠡᠭᠡᠨ ᠭᠤᠣᠯ ᠬᠤᠳᠠ ᠶᠢᠨ ᠬᠠᠷᠢᠶ᠎ᠠ ᠭᠠᠵᠠᠷ ᠤᠨ ᠬᠡᠪᠴᠢᠶᠡᠨ ᠳᠣᠲᠣᠷ᠎ᠠ᠂ ᠠᠩᠬᠠᠳᠠᠭᠴᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠤᠨ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠰᠦᠯᠵᠢᠶᠡᠨ ᠳᠡᠭᠡᠷᠡᠬᠢ ᠠᠷᠠᠯᠵᠢᠶᠠᠨ ᠤ ᠰᠢᠰᠲ᠋ᠧᠮ ᠳᠤ ᠣᠷᠣᠭᠤᠯᠵᠤ᠂ ᠭᠡᠭᠡᠨ ᠭᠤᠣᠯ ᠬᠤᠳᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠵᠢᠴᠢ ᠮᠡᠷᠭᠡᠵᠢᠯ ᠤᠨ ᠠᠵᠢᠯᠲᠠᠨ ᠲᠠᠢ ᠴᠠᠭ ᠲᠤᠬᠠᠢ ᠳᠤᠨᠢ ᠨᠡᠪᠲᠡᠷᠡᠯᠴᠡᠨ᠎ᠡ᠂ ᠣᠳᠣᠬᠠᠨ ᠳᠤ᠂ ᠲᠤᠰ ᠲᠦᠷᠦᠯ ᠵᠦᠢᠯ ᠤᠨ ᠳᠠᠭᠠᠭᠠᠴᠢᠯᠠᠯᠲᠠ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠃    ᠭᠡᠭᠡᠨ ᠭᠤᠤᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠠᠷᠢᠨ ᠬᠢᠨᠠᠮᠠᠭᠠᠶ ᠳᠠᠬᠢᠨ ᠪᠠᠶᠢᠴᠠᠭᠠᠵᠤ᠂ ᠡᠯ᠎ᠡ ᠭᠤᠭᠴᠤᠭ᠎ᠠ ᠶᠢᠨ ᠠᠰᠠᠭᠤᠳᠠᠯ ᠢ ᠳ᠋ᠦᠩᠨᠡᠬᠦ ᠶᠢᠨ ᠬᠠᠮᠲᠤ ᠰᠢᠨ᠎ᠡ ᠲᠠᠪᠴᠠᠩ ᠤᠨ ᠬᠡᠷᠡᠭᠯᠡᠯᠲᠡ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠰᠢᠰᠲ᠋ᠧᠮ ᠤᠨ ᠡᠯ᠎ᠡ ᠵᠦᠢᠯ ᠤᠨ ᠰᠢᠨᠡᠳᠬᠡᠬᠦ ᠶᠠᠪᠤᠴᠠ ᠪᠠ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠳᠠᠭᠠᠵᠤ᠂ ᠬᠥᠯᠥᠨ ᠪᠤᠶᠢᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠮᠡᠷᠭᠡᠵᠢᠯ ᠤᠨ ᠪᠦᠯᠬᠦᠮ ᠲᠠᠢ ᠪᠦᠲᠦᠮᠵᠢᠲᠡᠶ ᠨᠡᠪᠲᠡᠷᠡᠯᠴᠡᠬᠦ ᠶᠢ ᠲᠠᠰᠤᠷᠠᠯᠲᠠ ᠥᠬᠡᠶ ᠪᠠᠲᠤᠯᠠᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠠᠰᠠᠭᠤᠨ ᠯᠠᠪᠯᠠᠵᠤ᠂ ᠵᠢᠭᠠᠪᠤᠷᠢ ᠠᠪᠴᠤ᠂ ᠬᠠᠷᠢᠭᠤ ᠮᠡᠳᠡᠭᠦᠯᠵᠦ ᠂ 2025 ᠣᠨ ᠤ ᠲᠥᠷᠥᠯ ᠵᠦᠢᠯ ᠢ ᠰᠠᠶᠢᠲᠤᠷ ᠡᠬᠢᠯᠡᠭᠦᠯᠦᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ