ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠯᠡᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠵᠠᠩ ᠰᠤᠷᠲᠠᠯ ᠮᠥᠨ᠂ ᠪᠠᠰᠠ ᠴᠤ ᠡᠶ᠎ᠡ | ᠵᠤᠬᠢᠴᠠᠩᠭᠤᠢ ᠨᠡᠶᠢᠭᠡᠮ ᠢ ᠪᠠᠶᠢᠭᠤᠯᠬᠤ ᠶᠢᠨ ᠴᠢᠬᠤᠯᠠ ᠰᠠᠭᠤᠷᠢ ᠮᠥᠨ᠃ 10 ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠣᠶ ᠰᠢᠭᠤᠶ ᠶᠢᠨ | ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠰᠢᠨ ᠰᠢᠩ ᠨᠡᠶᠢᠭᠡᠮ ᠲᠣᠭᠤᠷᠢᠭ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠯᠡᠬᠦ ᠦᠢᠯᠡ | ᠠᠵᠢᠯᠯᠠᠭ᠎ᠠ ᠥᠷᠨᠢᠭᠦᠯᠵᠦ᠂ ᠥᠷᠭᠡᠨ ᠢᠶᠠᠷ ᠴᠤᠭᠯᠠᠭᠤᠯᠬᠤ ᠪᠠ ᠴᠢᠩᠭ᠎ᠠ ᠰᠢᠯᠢᠨ ᠰᠣᠩᠭᠤᠬᠤ ᠪᠠᠷ ᠳᠡᠮᠵᠢᠨ᠂ ᠲᠠᠪᠤᠨ ᠬᠡᠷ ᠪᠦᠯᠢ ᠨᠠᠰᠤᠲᠠᠨ ᠢᠶᠠᠨ ᠠᠴᠢᠯᠠᠵᠤ | ᠲᠥᠷᠥᠯ ᠰᠠᠳᠤᠨ ᠢᠶᠠᠨ ᠬᠦᠨᠳᠦᠯᠡᠭᠰᠡᠨ ᠨᠡᠶᠢᠲᠡᠯᠢᠭ ᠵᠢᠱᠢᠶ᠎ᠡ ᠪᠤᠯᠵᠠᠢ᠃ ᠲᠡᠳᠡᠨ ᠤ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ | ᠲᠥᠯᠥᠭᠡ᠂ ᠲᠦᠷᠦᠭᠦᠬᠡᠨ᠂ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠰᠢᠨ᠎ᠡ ᠪᠠᠷ ᠮᠠᠨᠳᠤᠭᠰᠠᠨ ᠨᠡᠶᠢᠭᠡᠮ ᠲᠣᠭᠤᠷᠢᠭ ᠨᠠᠰᠤᠲᠠᠨ ᠢᠶᠠᠨ | ᠠᠴᠢᠯᠠᠵᠤ ᠲᠥᠷᠥᠯ ᠰᠠᠳᠤᠨ ᠢᠶᠠᠨ ᠬᠦᠨᠳᠦᠯᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠰᠠᠭᠤᠭᠠᠯᠢ ᠠᠷᠠᠳ ᠢ ᠤᠷᠢᠵᠤ ᠬᠠᠮᠲᠤ ᠪᠠᠷ | ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠳᠭᠡᠬᠦ ᠨᠡᠶᠢᠲᠡᠯᠢᠭ ᠦᠢᠯᠡ ᠠᠵᠢᠯᠯᠠᠭ᠎ᠠ ᠶᠢᠨ ᠣᠬᠤᠷ ᠸᠢᠳᠢᠣ᠋ ᠶᠢ ᠰᠣᠨᠢᠷᠬᠠᠭᠤᠯᠵᠤ᠂ ᠬᠠᠷᠠᠭᠠᠨ | ᠳᠠᠪᠲᠠᠮᠵᠢ ᠳᠤ ᠡᠨᠡ ᠲᠠᠪᠤᠨ ᠬᠡᠷ ᠪᠦᠯᠢ ᠶᠢᠨ ᠨᠡᠶᠢᠲᠡᠯᠢᠭ ᠦᠢᠯᠡ ᠶᠠᠪᠤᠳᠠᠯ ᠢ ᠠᠮᠢᠳᠤᠯᠢᠭ ᠢᠶᠠᠷ ᠢᠯᠡᠷᠡᠭᠦᠯᠵᠦ᠂ ᠡᠲᠡᠭᠡᠷ ᠬᠡᠷ ᠪᠦᠯᠢ ᠶᠢᠨ ᠵᠠᠷᠢᠮ ᠨᠢ ᠪᠣᠯ ᠦᠷ᠎ᠡ | ᠬᠡᠤᠬᠡᠳ ᠨᠢ ᠤᠳᠠᠭᠠᠨ ᠵᠢᠯ ᠢᠶᠠᠷ ᠡᠴᠢᠭᠡ ᠡᠬᠡ ᠪᠠᠨ ᠨᠠᠷᠢᠨ ᠨᠢᠮᠪᠠᠶ ᠠᠰᠠᠷᠠᠵᠤ᠂ ᠡᠳᠦᠷ ᠲᠤᠲᠤᠮ ᠤᠨ ᠠᠮᠢᠳᠤᠷᠠᠯ ᠠᠴᠠ ᠡᠮ ᠡᠮᠨᠡᠯᠭᠡ ᠡᠷᠡᠭᠦᠯ ᠮᠡᠨᠳᠦ ᠶᠢ | ᠬᠠᠮᠠᠭᠠᠯᠠᠬᠤ ᠬᠦᠷᠲᠡᠯ᠎ᠡ ᠥᠴᠦᠬᠡᠨ ᠴᠦ ᠣᠰᠣᠯᠳᠠᠬᠤ ᠥᠬᠡᠶ ︔ ᠵᠠᠷᠢᠮ ᠨᠢ ᠪᠥᠬᠦ ᠬᠡᠷ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠰᠤᠲᠠᠨ ᠤ | ᠣᠶᠤᠨ ᠰᠠᠨᠠᠭᠠᠨ ᠤ ᠬᠡᠷᠡᠭᠴᠡᠭᠡ ᠶᠢ ᠠᠩᠬᠠᠷᠴᠤ᠂ ᠨᠠᠰᠤᠲᠠᠶᠢᠴᠤᠳ ᠲᠤ ᠬᠠᠯᠠᠭᠤᠨ ᠳᠤᠯᠠᠭᠠᠨ ᠪᠠᠶᠠᠷ ᠬᠥᠷ ᠲᠠᠢ ᠬᠡᠷ ᠪᠦᠯᠢ ᠶᠢᠨ ᠠᠭᠤᠷ ᠠᠮᠢᠰᠬᠤᠯ ᠢ ᠪᠣᠶ | ᠪᠣᠯᠭᠠᠵᠤ ᠥᠭᠴᠡᠶ︔ ᠪᠠᠰᠠ ᠵᠠᠷᠢᠮ ᠨᠢ ᠨᠠᠰᠤᠲᠠᠨ ᠤ ᠭᠡᠨᠡᠳᠲᠡ ᠶᠢᠨ ᠡᠪᠡᠳᠴᠢᠨ ᠪᠤᠶᠤ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠰᠠᠯᠬᠤ ᠥᠬᠡᠶ ᠪᠠᠶᠢᠵᠤ᠂ | ᠬᠠᠶᠢᠷ᠎ᠠ ᠪᠠ ᠬᠠᠷᠢᠭᠤᠴᠠᠯᠭ᠎ᠠ ᠪᠠᠷ ᠢᠶᠠᠨ ᠬᠡᠷ ᠤᠨ ᠬᠥᠮᠦᠰ ᠢᠶᠠᠨ ᠰᠠᠬᠢᠨ ᠬᠠᠮᠠᠭᠠᠯᠠᠵᠤ ᠪᠠᠶᠢᠨ᠎ᠠ᠃ | ᠳᠠᠷᠠᠭ᠎ᠠ ᠨᠢ᠂ ᠠᠵᠢᠯᠲᠠᠳ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠦᠨᠳᠦᠯᠡᠬᠦ ᠦᠯᠢᠭᠡᠷ ᠳᠠᠭᠤᠷᠢᠶᠠᠯ ᠤᠨ ᠭᠡᠷ ᠲᠤ ᠬᠦᠷᠴᠦ᠂ ᠭᠡᠷ ᠪᠦᠯᠢ ᠶᠢᠨ | ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠵᠦ᠂ ᠪᠠᠰᠠ ᠲᠡᠳᠡᠨ ᠤ ᠨᠠᠰᠤᠲᠠᠨ ᠢᠶᠠᠨ | ᠠᠴᠢᠯᠠᠵᠤ ᠲᠦᠷᠦᠯ ᠰᠠᠳᠤᠨ ᠢᠶᠠᠨ ᠬᠦᠨᠳᠦᠳᠬᠡᠭᠰᠡᠨ ᠦᠢᠯᠡ ᠶᠠᠪᠤᠳᠠᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠤᠯᠠᠨ ᠢᠶᠠᠷ ᠢᠶᠠᠨ ᠦᠷᠭᠦᠯᠵᠢᠯᠡᠨ | ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠳᠡᠷᠭᠡᠳᠡᠬᠢ ᠨᠡᠩ ᠤᠯᠠᠨ ᠬᠥᠮᠦᠰ ᠢ ᠲᠠᠶᠢᠴᠢᠯᠠᠨ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠶᠢ ᠬᠦᠰᠡᠪᠡ᠃ | ᠡᠭᠦᠨ ᠤ ᠬᠠᠮᠲᠤ᠂ ᠨᠡᠶᠢᠭᠡᠮ ᠲᠣᠭᠤᠷᠢᠭ ᠪᠠᠰᠠ ᠣᠨᠴᠠ ᠤᠷᠢᠭᠰᠠᠨ ᠭᠡᠷ ᠪᠦᠯᠢ ᠶᠢᠨ ᠡᠮᠴᠢ ᠶᠢ ᠨᠠᠰᠤᠲᠠᠨ ᠳᠤ ᠠᠯᠪᠠᠨ ᠵᠢᠷᠤᠮ ᠤᠨ ᠡᠮᠴᠢᠯᠡᠭᠡ ᠬᠢᠯᠭᠡᠵᠦ᠂ | ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠳᠠᠯ ᠢ ᠨᠢ ᠪᠠᠶᠢᠴᠠᠭᠠᠪᠠ᠃ |