12 ᠰᠠᠷ᠎ᠠ ᠶᠢᠨ 2 ᠤᠨ ᠡᠳᠦᠷ ᠪᠣᠯ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ᠂ ᠬᠤᠩ ᠴᠢ ᠨᠡᠶᠢᠭᠡᠮ ᠲᠣᠭᠤᠷᠢᠭ ᠰᠦᠯᠵᠢᠶᠡᠨ | ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠲᠤᠰ ᠠᠵᠢᠯᠯᠠᠭ᠎ᠠ ᠶᠢ ᠦᠷᠨᠢᠭᠦᠯᠦᠭᠰᠡᠨ ᠨᠢ | ᠠᠮᠤᠷ ᠲᠦᠪᠰᠢᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠶᠤᠮ᠃ | ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠸᠢᠴᠠᠲ ᠤᠨ ᠪᠦᠯᠦᠭ ᠵᠡᠷᠭᠡ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠠᠯᠢ ᠣᠯᠠᠨ ᠠᠭᠤᠯᠭ᠎ᠠ ᠶᠢ ᠨᠡᠶᠢᠲᠡᠯᠡᠪᠡ᠃ ᠡᠪᠦᠯ ᠤᠨ ᠤᠯᠠᠷᠢᠯ ᠤᠨ ᠬᠠᠬᠢᠷ ᠬᠦᠢᠲᠡᠨ ᠠᠭᠤᠷ ᠠᠮᠢᠰᠬᠤᠯ ᠳᠤ | ᠲᠡᠷᠭᠡ ᠵᠢᠴᠢ ᠶᠠᠪᠠᠭᠠᠨ ᠬᠥᠮᠦᠨ ᠤ ᠠᠩᠬᠠᠷᠬᠤ ᠵᠦᠢᠯᠡᠰ ᠢ ᠨᠠᠷᠢᠨ ᠲᠠᠨᠢᠯᠴᠠᠭᠤᠯᠪᠠ᠂ ᠵᠢᠱᠢᠶᠡᠯᠡᠪᠡᠯ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠬᠤ᠂ ᠲᠡᠷᠭᠡᠨ ᠤ | ᠵᠠᠶ ᠶᠢ ᠪᠠᠲᠤᠯᠠᠬᠤ᠂ ᠳ᠋ᠧᠩ ᠤᠨ ᠬᠡᠷᠡᠯ ᠢ ᠵᠥᠪ ᠬᠡᠷᠡᠭᠯᠡᠬᠦ ᠵᠡᠷᠭᠡ︔ ᠡᠭᠦᠨ ᠤ ᠬᠠᠮᠲᠤ ᠪᠠᠰᠠ ᠠᠮᠢᠳᠤᠯᠢᠭ ᠳᠦᠷᠰᠦᠯᠢᠭ ᠺᠠᠷᠲ᠋ᠣᠨ ᠵᠢᠷᠤᠭ ᠤᠨ ᠸᠢᠳᠢᠣ᠋ ᠪᠠᠷ ᠶᠠᠪᠠᠭᠠᠨ | ᠬᠥᠮᠦᠨ ᠤ ᠵᠠᠮ ᠥᠩᠭᠡᠷᠡᠬᠦ ᠵᠠᠪᠠᠯ ᠵᠢᠷᠤᠮᠯᠠᠬᠤ ᠲᠦᠷᠢᠮ ᠵᠢᠴᠢ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠳᠤᠭᠤᠯᠠᠭ᠎ᠠ ᠵᠡᠭᠦᠬᠦ᠂ ᠳᠣᠤᠷ᠎ᠠ ᠬᠤᠷᠳᠤᠴᠠ ᠪᠠᠷ | ᠶᠠᠪᠤᠬᠤ ᠶᠢᠨ ᠴᠢᠬᠤᠯᠠ ᠴᠢᠨᠠᠷ ᠢ ᠰᠢᠭᠤᠳ ᠳᠡᠯᠭᠡᠨ ᠦᠵᠡᠭᠦᠯᠵᠡᠶ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠯ᠎ᠡ ᠰᠠᠭᠤᠭᠠᠯᠢ ᠠᠷᠠᠳ ᠲᠠᠢ | ᠢᠳᠡᠪᠬᠢᠲᠡᠶ ᠪᠠᠷ ᠬᠠᠷᠢᠯᠴᠠᠨ ᠬᠥᠳᠡᠯᠦᠯᠴᠡᠵᠦ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ᠂ ᠠᠳᠡᠯ ᠢ ᠰᠢᠢᠳᠪᠦᠷᠢᠯᠡᠬᠦ ᠵᠡᠷᠭᠡ ᠲᠠᠯ᠎ᠠ ᠶᠢᠨ | ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠪᠡ᠃ | ᠲᠣᠰ ᠤᠳᠠᠭᠠᠨ ᠤ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠠᠵᠢᠯᠯᠠᠭ᠎ᠠ ᠨᠢ ᠬᠤᠩ ᠴᠢ ᠨᠡᠶᠢᠭᠡᠮ ᠲᠣᠭᠤᠷᠢᠭ ᠤᠨ ᠪᠥᠬᠦ ᠰᠠᠭᠤᠭᠠᠯᠢ ᠠᠷᠠᠳ ᠢ ᠬᠠᠮᠤᠷᠴᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠵᠦ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ | ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢ ᠪᠠᠶᠢᠭᠤᠯᠬᠤ ᠳᠤ ᠰᠠᠭᠤᠷᠢ ᠶᠢ ᠲᠠᠯᠪᠢᠵᠤ ᠥᠭᠴᠡᠶ᠃ |