ᠬᠥᠯᠥᠨ ᠪᠤᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠭᠡᠭᠡᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠨᠡᠶᠢᠭᠡᠮ ᠲᠣᠭᠤᠷᠢᠭ ᠲᠤ ᠬᠦᠷᠴᠦ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/2/11
    ᠬᠠᠷᠢᠶᠠᠲᠤ ᠣᠷᠣᠨ ᠤ ᠬᠦᠴᠢᠷᠳᠡᠯᠲᠡᠶ ᠰᠠᠭᠤᠭᠠᠯᠢ ᠠᠷᠠᠳ ᠢ ᠦᠨᠡᠨ ᠬᠦ ᠬᠠᠪᠰᠤᠷᠤᠨ ᠲᠡᠳᠬᠦᠬᠦ ᠶᠢᠨ ᠲᠥᠯᠥᠭᠡ᠂ 1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠥᠯᠥᠨ ᠪᠤᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠭᠡᠭᠡᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠬᠤᠩ ᠴᠢ ᠨᠡᠶᠢᠭᠡᠮ ᠲᠣᠭᠤᠷᠢᠭ ᠲᠠᠢ ᠬᠠᠮᠲᠤᠷᠠᠨ ᠴᠠᠭᠠᠨ ᠰᠠᠷ᠎ᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠡᠮᠳᠡᠭ ᠡᠷᠦᠬᠡ ᠶᠢ ᠲᠣᠬᠤᠨᠢᠭᠤᠯᠵᠤ᠂ ᠦᠨᠡᠨ ᠰᠡᠳᠬᠢᠯᠭᠡ ᠪᠠᠷ ᠬᠦᠴᠢᠷᠳᠡᠯᠲᠡᠶ ᠰᠠᠭᠤᠭᠠᠯᠢ ᠠᠷᠠᠳ ᠲᠤ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠭ᠎ᠠ ᠬᠦᠷᠭᠡᠪᠡ᠃    ᠡᠷᠬᠢᠨ ᠦᠵᠡᠵᠦ ᠲᠣᠬᠤᠨᠢᠭᠤᠯᠬᠤ ᠳᠤᠮᠳᠠ᠂ ᠠᠩᠭᠢ ᠶᠢᠨ ᠳᠠᠷᠤᠭ᠎ᠠ ᠯᠢ ᠶᠤᠸᠠᠨ ᠬᠥᠩ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠢᠷᠡᠯᠲᠡ᠂ ᠨᠡᠶᠢᠭᠡᠮ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠡᠳᠡᠨ ᠢ ᠵᠠᠪᠠᠯ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠣᠶᠤᠨ ᠰᠠᠨᠠᠭᠠᠨ ᠤ ᠪᠠᠶᠢᠳᠠᠯ ᠢᠶᠠᠨ ᠦᠷᠭᠦᠯᠵᠢᠯᠡᠨ ᠰᠠᠶᠢᠲᠤᠷ ᠪᠠᠲᠤᠯᠠᠵᠤ᠂ ᠲᠡᠳᠡᠨ ᠢ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠠᠮᠢᠳᠤᠷᠠᠯ ᠳᠤ ᠢᠳᠡᠪᠬᠢᠲᠡᠶ ᠪᠠᠶᠠᠰᠤᠩᠭᠤᠶ ᠪᠠᠷ ᠬᠠᠨᠳᠤᠬᠤ ᠶᠢ ᠵᠣᠷᠢᠭᠵᠢᠭᠤᠯᠵᠤ᠂ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠪᠡᠶ᠎ᠡ ᠪᠠᠨ ᠭᠠᠮᠨᠠᠵᠤ᠂ ᠠᠮᠢᠳᠤᠷᠠᠯ ᠤᠨ ᠲᠠᠯ᠎ᠠ ᠪᠠᠷ ᠬᠦᠴᠢᠷᠳᠡᠯ ᠲᠤᠯᠭᠠᠷᠠᠪᠠᠯ ᠴᠠᠭ ᠲᠤᠬᠠᠶ ᠳᠤᠨᠢ ᠪᠢᠳᠡᠨ ᠳᠤ ᠲᠤᠰᠬᠠᠬᠤ ᠬᠡᠷᠡᠭᠲᠡᠶ ᠭᠡᠵᠦ ᠵᠠᠬᠢᠪᠠ᠃ ᠡᠭᠦᠨ ᠤ ᠬᠠᠮᠲᠤ ᠲᠡᠳᠡᠨ ᠳᠤ ᠪᠠᠶᠠᠷ ᠤᠨ ᠡᠳᠦᠷ ᠠᠴᠠ ᠡᠮᠦᠨᠡᠬᠢ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠪᠡ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯᠲᠡᠶ ᠣᠯᠠᠨ ᠲᠦᠮᠡᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠳᠤ ᠭᠦᠢᠴᠡᠳ ᠬᠠᠶᠢᠷ᠎ᠠ ᠬᠠᠯᠠᠮᠵᠢ ᠬᠦᠷᠭᠡᠬᠦ ᠶᠢᠨ ᠬᠠᠮᠲᠤ ᠪᠠᠰᠠ ᠮᠠᠨ ᠤ ᠬᠤᠪᠢᠶᠠᠷᠢ ᠲᠣᠪᠴᠢᠶ᠎ᠠ ᠠᠴᠠ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠵᠤ ᠪᠠᠶᠢᠬᠤ ᠪᠠᠨ ᠢᠯᠡᠳᠬᠡᠪᠡ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ