ᠮᠣᠭᠠᠢ ᠵᠢᠯ ᠤᠨ ᠴᠠᠭᠠᠨ ᠰᠠᠷ᠎ᠠ ᠶᠢᠨ ᠬᠠᠢᠷ᠎ᠠ ᠬᠠᠯᠠᠮᠵᠢ ᠬᠥᠮᠦᠨ ᠤ ᠰᠡᠳᠭᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/2/14
   ᠬᠠᠬᠢᠷ ᠬᠦᠢᠲᠡᠨ ᠴᠠᠭ ᠮᠥᠴᠡ ᠳᠤ ᠦᠨᠡᠨ ᠰᠡᠳᠭᠢᠯᠭᠡ ᠶᠢ ᠣᠯᠵᠤ᠂ ᠬᠠᠬᠢᠷ ᠡᠪᠦᠯ ᠤᠨ ᠲᠣᠬᠤᠨᠢᠭᠤᠯᠤᠯ ᠬᠥᠮᠦᠨ ᠤ ᠰᠡᠳᠭᠢᠯ ᠢ ᠳᠤᠯᠠᠭᠠᠴᠠᠭᠤᠯᠤᠨ᠎ᠠ᠃ ᠲᠦᠷᠦᠭᠦᠬᠡᠨ᠂ ᠭᠡᠭᠡᠨ ᠭᠤᠤᠯ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠴᠢᠨ ᠤ ᠡᠪᠯᠡᠯ ᠬᠥ᠋ ᠽᠢ ᠮᠢᠶᠣᠣ ᠣᠶ ᠰᠢᠭᠤᠶ ᠶᠢᠨ ᠲᠠᠯᠠᠪᠠᠶ ᠶᠢᠨ ᠠᠵᠢᠯᠲᠠᠨ ᠤ ᠬᠦᠴᠢᠷᠳᠡᠯᠲᠡᠢ ᠠᠮᠢᠳᠤᠷᠠᠯ  ᠢ ᠰᠡᠳᠬᠢᠯ ᠲᠡᠭᠡᠨ ᠲᠠᠯᠪᠢᠵᠦ᠂ ᠲᠡᠳᠡᠨ ᠳᠤ ᠠᠮᠤ ᠪᠤᠳᠠᠭ᠎ᠠ ᠪᠠ ᠲᠣᠰᠣ ᠵᠡᠷᠭᠡ ᠦᠨᠳᠦᠰᠦᠨ ᠠᠮᠢᠳᠤᠷᠠᠯ ᠤᠨ ᠡᠳ᠋ ᠪᠣᠳᠠᠰ ᠬᠦᠷᠭᠡᠵᠦ᠂ ᠶᠠᠳᠠᠭᠤ ᠬᠦᠴᠢᠷᠳᠡᠯ ᠤᠨ ᠨᠥᠬᠦᠪᠥᠷᠢ ᠮᠦᠩᠭᠦ ᠣᠯᠭᠤᠬᠤ ᠠᠵᠢᠯ ᠢ ᠪᠡᠶᠡᠯᠡᠭᠦᠯᠵᠦ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠪᠠ ᠬᠠᠶᠢᠷ᠎ᠠ ᠬᠠᠯᠠᠮᠵᠢ ᠶᠢ ᠬᠦᠷᠭᠡᠪᠡ᠃    ᠲᠣᠰ ᠤᠳᠠᠭᠠᠨ ᠤ ᠶᠠᠳᠠᠭᠤ ᠬᠦᠴᠢᠷᠳᠡᠯᠲᠡᠢ ᠨᠥᠬᠦᠪᠥᠷᠢ ᠮᠦᠩᠭᠦ ᠣᠯᠭᠤᠬᠤ ᠠᠵᠢᠯ ᠳᠤ᠂ ᠭᠡᠭᠡᠨ ᠭᠤᠣᠯ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠠᠵᠢᠯᠴᠢᠨ ᠤ ᠡᠪᠯᠡᠯ ᠤᠨᠤᠪᠴᠢᠲᠠᠢ ᠪᠠᠷ ᠬᠠᠪᠰᠤᠷᠤᠨ ᠲᠡᠳᠬᠦᠬᠦ ᠵᠠᠷᠴᠢᠮ ᠢ ᠪᠠᠷᠢᠮᠲᠠᠯᠠᠵᠤ᠂ ᠡᠮᠦᠨᠡᠬᠢ ᠬᠤᠭᠤᠴᠠᠭᠠᠨ ᠳᠤ ᠣᠢ ᠰᠢᠭᠤᠶ ᠶᠢᠨ ᠲᠠᠯᠠᠪᠠᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠢᠯᠴᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠪᠠᠷ ᠳᠠᠮᠵᠢᠨ᠂ ᠣᠢ ᠰᠢᠭᠤᠶ ᠶᠢᠨ ᠲᠠᠯᠠᠪᠠᠢ ᠶᠢᠨ  ᠠᠵᠢᠯᠴᠢᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠴᠢᠩᠭ᠎ᠠ ᠬᠢᠨᠠᠨ ᠬᠠᠷᠭᠤᠭᠤᠯᠬᠤ ᠪᠠ ᠢᠯᠡ ᠨᠡᠶᠢᠲᠡᠯᠡᠬᠦ ᠳᠡᠰ ᠳᠠᠷᠠᠭᠠᠯᠠᠯ ᠢᠶᠠᠷ ᠳᠠᠮᠵᠢᠨ᠂ ᠦᠨᠡᠨᠬᠦ ᠬᠦᠴᠢᠷᠳᠡᠯᠲᠡᠶ ᠠᠵᠢᠯᠴᠢᠨ ᠢ ᠨᠥᠬᠦᠪᠥᠷᠢ ᠮᠦᠩᠭᠦ ᠥᠭᠬᠦ ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠪᠠ᠃    ᠭᠡᠭᠡᠨ ᠭᠤᠣᠯ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ ᠪᠠ ᠠᠵᠢᠯᠴᠢᠨ ᠤ ᠡᠪᠯᠡᠯ ᠤᠨ ᠠᠵᠢᠯᠲᠠᠳ ᠬᠥ᠋ ᠽᠢ ᠮᠢᠶᠣᠣ ᠤᠢ ᠰᠢᠭᠤᠢ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠪᠠ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠢ ᠢᠳᠡᠪᠬᠢᠲᠡᠢ ᠪᠠᠶᠠᠰᠤᠩᠭᠤᠢ ᠠᠮᠢᠳᠤᠷᠠᠯ ᠤᠨ ᠣᠪᠣᠷ ᠢᠶᠠᠷ ᠲᠦᠷ ᠴᠠᠭ ᠤᠨ ᠬᠦᠴᠢᠷᠳᠡᠯ ᠳᠤ ᠵᠣᠷᠢᠭᠲᠠᠢ ᠪᠠᠷ ᠬᠠᠨᠳᠤᠬᠤ ᠶᠢ ᠵᠣᠷᠢᠭᠵᠢᠭᠤᠯᠪᠠ᠃ ᠡᠨᠡ ᠬᠦ ᠬᠠᠬᠢᠷ ᠬᠦᠢᠲᠡᠨ ᠡᠪᠦᠯ ᠤᠨ ᠤᠯᠠᠷᠢᠯ ᠳᠤ ᠲᠡᠳᠡᠨ ᠳᠤ ᠬᠠᠯᠠᠭᠤᠨ ᠳᠤᠯᠠᠭᠠᠨ ᠪᠥᠭᠡᠳ ᠲᠠᠶᠢᠳᠬᠤᠷᠠᠭᠤᠯᠤᠯ ᠪᠣᠯᠬᠤ ᠶᠢ ᠬᠦᠰᠡᠵᠦ ᠪᠠᠶᠢᠨ᠎ᠠ᠃ ᠣᠶ ᠰᠢᠭᠤᠶ ᠶᠢᠨ ᠲᠠᠯᠠᠪᠠᠶ ᠶᠢᠨ ᠠᠵᠢᠯᠴᠢᠳ ᠠᠵᠢᠯᠴᠢᠨ ᠤ ᠶᠡᠷᠦᠩᠬᠡᠶ ᠡᠪᠯᠡᠯ ᠤᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠡᠨᠡ ᠬᠦ ᠬᠠᠶᠢᠷ᠎ᠠ ᠬᠠᠯᠠᠮᠵᠢ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃    ᠲᠣᠰ ᠤᠳᠠᠭᠠᠨ ᠤ ᠶᠠᠳᠠᠭᠤ ᠬᠦᠴᠢᠷᠳᠡᠯ ᠤᠨ ᠨᠥᠬᠦᠪᠥᠷᠢ ᠮᠦᠩᠭᠦ ᠣᠯᠭᠤᠬᠤ ᠨᠢ ᠠᠵᠤ ᠠᠬᠤᠶ ᠶᠢᠨ ᠲᠠᠯ᠎ᠠ ᠪᠠᠷ ᠬᠥ᠋ ᠽᠢ ᠮᠢᠶᠣᠣ ᠣᠶ ᠰᠢᠭᠤᠶ ᠶᠢᠨ ᠲᠠᠯᠠᠪᠠᠶ ᠶᠢᠨ ᠶᠠᠳᠠᠭᠤ ᠬᠦᠴᠢᠷᠳᠡᠯᠲᠡᠶ ᠠᠵᠢᠯᠴᠢᠨ ᠳᠤ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠲᠡᠳᠡᠨ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠬᠤᠶᠢᠰᠢᠳᠠ᠂ ᠭᠡᠭᠡᠨ ᠭᠤᠤᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠴᠢᠨ ᠤ ᠡᠪᠯᠡᠯ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠬᠠᠪᠰᠤᠷᠤᠨ ᠲᠡᠳᠬᠦᠬᠦ ᠬᠡᠯᠪᠡᠷᠢ ᠶᠢ ᠥᠷᠭᠡᠳᠬᠡᠵᠦ᠂ ᠠᠵᠢᠯᠲᠠᠨ ᠠᠵᠢᠯᠴᠢᠨ ᠳᠤ ᠪᠣᠳᠠᠲᠤ ᠶᠠᠪᠤᠳᠠᠯ ᠬᠢᠵᠦ᠂ ᠠᠰᠠᠭᠤᠳᠠᠯ ᠢ ᠰᠢᠢᠳᠪᠦᠷᠢᠯᠡᠨ᠂ ᠠᠵᠢᠯᠴᠢᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ