ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠢ ᠲᠣᠬᠤᠨᠢᠭᠤᠯᠵᠤ ᠪᠠᠶᠢᠴᠠᠭᠠᠨ ᠰᠤᠳᠤᠯᠬᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ | ᠦᠨᠳᠦᠰᠦᠨ ᠱᠠᠲᠤᠨ ᠳᠤ ᠦᠢᠯᠡᠴᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠬᠠᠶᠢᠷ᠎ᠠ ᠬᠠᠯᠠᠮᠵᠢ ᠬᠦᠷᠭᠡᠪᠡ᠃ | ᠲᠣᠬᠤᠨᠢᠭᠤᠯᠬᠤ ᠠᠵᠢᠯᠯᠠᠭ᠎ᠠ ᠨᠢ ᠶᠠᠷᠢᠯᠴᠠᠬᠤ ᠬᠤᠷᠠᠯ ᠵᠢᠴᠢ ᠨᠢᠭᠤᠷᠳᠠᠨ ᠰᠣᠯᠢᠯᠴᠠᠬᠤ ᠵᠡᠷᠭᠡ ᠬᠡᠯᠪᠡᠷᠢ ᠪᠠᠷ ᠶᠠᠪᠤᠭᠳᠠᠵᠤ᠂ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠲᠠᠢ ᠨᠡᠪᠲᠡᠷᠡᠯᠴᠡᠬᠦ ᠪᠠᠷ | ᠳᠠᠮᠵᠢᠨ᠂ ᠲᠡᠳᠡᠨ ᠤ ᠦᠢᠯᠡᠴᠢᠯᠡᠭᠡᠨ ᠤ ᠶᠠᠪᠤᠴᠠ ᠳᠠᠬᠢ ᠠᠵᠢᠯ᠂ ᠠᠮᠢᠳᠤᠷᠠᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠰᠠᠶᠢᠨ ᠳᠤᠷ᠎ᠠ ᠶᠢᠨ ᠠᠵᠢᠯᠯᠠᠭᠴᠢ ᠶᠢᠨ | ᠳᠤᠷᠠᠳᠤᠭᠰᠠᠨ ᠬᠤᠯᠪᠣᠭᠳᠠᠯ ᠪᠥᠬᠦᠶ ᠠᠰᠠᠭᠤᠳᠠᠯ ᠳᠤ ᠨᠢᠭᠡᠳ ᠨᠢᠭᠡ ᠪᠠᠷ ᠬᠦᠯᠢᠴᠡᠩᠭᠦᠶ ᠪᠠᠷ ᠬᠠᠷᠢᠭᠤᠯᠲᠠ ᠥᠭᠪᠡ᠃ | ᠰᠣᠯᠢᠯᠴᠠᠭ᠎ᠠ ᠳᠠᠭᠤᠰᠤᠭᠰᠠᠨ ᠤ ᠳᠠᠷᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 53 ᠰᠠᠶᠢᠨ ᠳᠤᠷ᠎ᠠ ᠶᠢᠨ | ᠦᠢᠯᠡᠴᠢᠯᠡᠭᠴᠢᠳ ᠲᠤ ᠲᠣᠬᠤᠨᠢᠭᠤᠯᠬᠤ ᠪᠣᠳᠠᠰ ᠬᠦᠷᠭᠡᠵᠦ ᠥᠭᠬᠦ ᠶᠢᠨ ᠬᠠᠮᠲᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠴᠢᠷᠮᠠᠶᠢᠨ ᠠᠵᠢᠯᠯᠠᠵᠤ᠂ ᠬᠠᠶᠢᠷ᠎ᠠ | ᠬᠠᠯᠠᠮᠵᠢ ᠪᠣᠯᠤᠨ ᠬᠠᠯᠠᠮᠵᠢᠯᠠᠯ ᠢ ᠦᠨᠳᠦᠰᠦᠨ ᠱᠠᠲᠤᠨ ᠳᠤ ᠬᠦᠡᠭᠡᠵᠦ᠂ ᠬᠠᠶᠢᠷ᠎ᠠ ᠬᠠᠯᠠᠮᠵᠢ ᠪᠣᠯᠤᠨ ᠨᠡᠷᠡᠨ ᠤ ᠭᠡᠷᠡᠯ ᠢ ᠤᠯᠠᠨ ᠲᠦᠮᠡᠨ ᠳᠤ ᠳᠠᠮᠵᠢᠭᠤᠯᠵᠤ᠂ ᠰᠠᠶᠢᠨ | ᠳᠤᠷ᠎ᠠ ᠶᠢᠨ ᠠᠮᠢᠳᠤᠷᠠᠯ ᠢ ᠬᠥᠮᠦᠨ ᠤ ᠠᠮᠢᠳᠤᠷᠠᠯ ᠤᠨ ᠨᠢᠭᠡᠨ ᠡᠷᠬᠢᠮ ᠨᠠᠨᠳᠢᠨ ᠥᠪ ᠬᠦᠷᠦᠩᠬᠡ ᠪᠣᠯᠭᠠᠬᠤ ᠶᠢ ᠵᠣᠷᠢᠭᠵᠢᠭᠤᠯᠪᠠ᠃ | ᠬᠤᠶᠢᠰᠢᠳᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ | ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠵᠠᠯᠠᠭᠤ ᠨᠠᠰᠤ ᠪᠠᠨ ᠵᠣᠷᠢᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠵᠤ ᠥᠭᠭᠦᠨ᠎ᠡ᠃ |