ᠵᠢᠯ ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠮᠠᠨ ᠤ ᠬᠤᠲᠠ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠳᠤᠯᠠᠭᠠᠨ ᠪᠦᠯᠢᠶᠡᠨ ᠡᠪᠦᠯᠵᠢᠬᠦ᠂ ᠠᠮᠤᠷ | ᠲᠦᠪᠰᠢᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠦᠴᠢᠷᠳᠡᠯᠲᠡᠶ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ | ᠵᠤᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ᠂ ᠭᠡᠭᠡᠨ ᠭᠤᠤᠯ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ ᠤᠷᠢᠳᠴᠢᠯᠠᠨ ᠠᠷᠭ᠎ᠠ ᠰᠦᠪᠡᠭᠴᠢᠯᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠵᠦ᠂ ᠪᠠᠯᠠ ᠮᠥᠩᠭᠦ | ᠴᠤᠭᠯᠠᠭᠤᠯᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ ᠡᠯ᠎ᠡ | ᠵᠦᠢᠯ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 1. 2 ᠳ᠋ᠤᠭᠠᠷ ᠰᠠᠷ᠎ᠠ ᠶᠢᠨ ᠲᠡᠩᠬᠡᠷᠡᠭᠦᠯᠦᠨ ᠲᠤᠰᠠᠯᠠᠬᠤ | ᠪᠠᠯᠠ ᠮᠥᠩᠭᠦ ᠶᠢ ᠴᠠᠭ ᠲᠤᠬᠠᠶ ᠳᠤᠨᠢ ᠣᠯᠭᠤᠨ᠎ᠠ᠃ ᠬᠦᠴᠢᠷᠳᠡᠯᠲᠡᠢ ᠣᠯᠠᠨ ᠲᠦᠮᠡᠨ ᠤ ᠴᠠᠭᠠᠨ ᠰᠠᠷ᠎ᠠ ᠢ ᠰᠠᠶᠢᠳᠤᠷ ᠦᠩᠭᠡᠷᠡᠬᠦ ᠶᠢ ᠪᠠᠲᠤᠯᠠᠨ᠎ᠠ᠃ | ᠲᠣᠰ ᠤᠳᠠᠭ᠎ᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠮᠥᠩᠭᠦ ᠶᠢ ᠨᠡᠶᠢᠲᠡ 1161.685 ᠲᠦᠮᠡᠨ | ᠲᠥᠭᠦᠷᠢᠭ ᠲᠠᠷᠬᠠᠭᠠᠵᠤ᠂ 7902 ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ᠂ ᠡᠭᠦᠨ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠦᠩᠭᠦ ᠭᠥᠷᠳᠡᠵᠦ ᠪᠠᠶᠢᠭ᠎ᠠ 4850 ᠡᠷᠦᠬᠡ 7721 ᠬᠥᠮᠦᠨ ᠪᠠᠶᠢᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | 1106.3695 ᠲᠦᠮᠡᠨ ᠲᠥᠭᠦᠷᠢᠭ ᠲᠠᠷᠬᠠᠭᠠᠪᠠ︔ ᠬᠤᠲᠠ ᠬᠥᠳᠡᠭᠡ ᠶᠢᠨ ᠣᠨᠴᠠ ᠬᠦᠴᠢᠷᠳᠡᠯᠲᠡᠶ 181 ᠡᠷᠦᠬᠡ 181 ᠬᠥᠮᠦᠨ ᠪᠠᠶᠢᠵᠤ᠂ 55.3155 | ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠲᠠᠷᠬᠠᠭᠠᠵᠤ᠂ ᠣᠳᠣᠬᠠᠨ ᠳᠤ ᠪᠡᠯᠡ ᠮᠥᠩᠭᠦ ᠶᠢ ᠨᠢᠭᠡᠨᠲᠡ ᠪᠦᠬᠦᠨ ᠢ ᠲᠠᠷᠬᠠᠭᠠᠪᠠ᠃ |