ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠯᠢᠨ ᠳ᠋ᠢᠶᠠᠨ ᠨᠡᠶᠢᠭᠡᠮ ᠲᠣᠭᠤᠷᠢᠭ ᠣᠯᠠᠨ ᠨᠢᠭᠡᠴᠢ ᠲᠠᠢ ᠬᠤᠯᠪᠣᠭᠠᠯᠠᠨ ᠭᠠᠯ ᠤᠨᠲᠠᠷᠠᠭᠠᠬᠤ ᠳᠠᠯᠳᠠ ᠬᠡᠮ ᠢ  ᠠᠷᠢᠯᠭᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/6
    ᠠᠰᠠᠷ ᠤᠨ ᠬᠤᠩᠭᠢᠯ ᠤᠨ ᠳᠠᠯᠳᠠ ᠬᠡᠮ ᠢ ᠲᠣᠬᠢᠲᠠᠶ ᠠᠷᠢᠯᠭᠠᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠷ ᠤᠨ ᠬᠤᠩᠭᠢᠯ ᠤᠨ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ᠂ ᠠᠷᠢᠭᠤᠨ ᠴᠡᠪᠡᠷ᠂ ᠴᠡᠪᠡᠷ ᠲᠡᠭᠰᠢ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤ ᠪᠠᠷ ᠪᠣᠶ ᠪᠤᠯᠭᠠᠨ᠎ᠠ᠃ ᠲᠦᠷᠦᠭᠦᠬᠡᠨ᠂ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠯᠢᠨ ᠳ᠋ᠢᠶᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠣᠯᠠᠨ ᠲᠠᠯ᠎ᠠ ᠶᠢᠨ ᠬᠦᠴᠦᠨ ᠲᠠᠢ ᠬᠠᠮᠵᠢᠯᠴᠠᠨ ᠾᠦᠢ ᠽᠧ ᠰᠢᠨ ᠶᠤᠸᠠᠨ ᠵᠢᠵᠢᠭ ᠲᠣᠭᠤᠷᠢᠭ ᠲᠤ ︽ᠠᠰᠠᠷ ᠤᠨ ᠵᠠᠮ ᠢ ᠵᠠᠰᠠᠵᠤ ᠪᠣᠯᠪᠠᠰᠤᠨ ᠢ ᠬᠦᠮᠦᠵᠢᠭᠦᠯᠬᠦ︾ ᠭᠠᠯ ᠤᠨᠲᠠᠷᠠᠭᠠᠬᠤ ᠳᠠᠯᠳᠠ ᠬᠡᠮ ᠢ ᠠᠷᠢᠯᠭᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠠᠵᠢᠯᠲᠠᠨ᠂ ᠭᠠᠯ ᠤᠨᠲᠠᠷᠠᠭᠠᠬᠤ ᠠᠵᠢᠯᠲᠠᠳ ᠠᠰᠠᠷ ᠤᠨ ᠳᠣᠲᠣᠷᠠᠬᠢ ᠠᠮᠤᠷ ᠲᠦᠪᠰᠢᠨ ᠢᠶᠠᠷ  ᠭᠠᠷᠬᠤ ᠡᠭᠦᠳᠡ᠂ ᠠᠰᠠᠷ ᠤᠨ ᠡᠭᠦᠳᠡᠨ ᠲᠢᠩᠬᠢᠮ᠂ ᠠᠰᠠᠷ ᠤᠨ ᠬᠤᠩᠭᠢᠯ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ ᠴᠡᠪᠡᠷᠯᠡᠵᠡᠢ᠃ ᠠᠵᠢᠯᠲᠠᠳ ᠲᠣᠭᠲᠠᠭᠠᠯ ᠢ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠭᠰᠠᠨ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠬᠢᠭᠡᠳ ᠬᠠᠤᠯᠢ ᠴᠠᠭᠠᠵᠠ ᠶᠢᠨ ᠦᠵᠡᠯ ᠤᠬᠠᠮᠰᠠᠷ ᠢ  ᠳᠡᠭᠡᠭᠰᠢᠯᠡᠭᠦᠯᠪᠡ᠃    ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠠᠰᠠᠷ ᠤᠨ ᠬᠤᠩᠭᠢᠯ ᠳᠤ ᠣᠷᠣᠰᠢᠵᠤ ᠮᠡᠳᠡᠬᠦ ᠠᠮᠤᠷ ᠲᠦᠪᠰᠢᠨ ᠤ ᠠᠰᠠᠭᠤᠳᠠᠯ ᠤᠨ ᠲᠤᠭᠤᠷᠢᠨ ᠳᠤ  ᠭᠠᠯ ᠤᠨᠲᠠᠷᠠᠭᠠᠭᠴᠢᠳ ᠤᠯᠠᠨ ᠲᠦᠮᠡᠨ ᠳᠤ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠪᠡ᠃    ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠮᠢᠳᠤᠷᠠᠯ ᠳᠤᠮᠳᠠ ᠭᠠᠯ ᠤᠨᠲᠠᠷᠠᠭᠠᠬᠤ ᠨᠠᠷᠢᠨ ᠵᠦᠢᠯᠡᠰ ᠢ ᠠᠩᠬᠠᠷᠴᠤ᠂ ᠥᠪᠡᠷ ᠤᠨ ᠪᠠ ᠳᠡᠷᠭᠡᠳᠡᠬᠢ ᠬᠥᠮᠦᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ ᠭᠡᠵᠡᠶ᠃    ᠳᠠᠷᠠᠭᠠᠴᠢ ᠶᠢᠨ ᠠᠯᠬᠤᠮ ᠳᠤ᠂ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠯᠢᠨ ᠳ᠋ᠢᠶᠠᠨ ᠨᠡᠶᠢᠭᠡᠮ ᠲᠣᠭᠤᠷᠢᠭ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠴᠡᠪᠡᠷᠯᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠤᠯᠠᠨ ᠲᠦᠮᠡᠨ ᠤ ᠳᠤᠰᠬᠠᠵᠦ ᠪᠠᠶᠢᠭ᠎ᠠ ᠲᠤᠪᠤᠶᠢᠮ᠎ᠠ ᠠᠰᠠᠭᠤᠳᠠᠯ ᠳᠤ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠦᠷᠭᠦᠯᠵᠢᠯᠡᠨ ᠳᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠮᠠᠨ ᠤ ᠬᠤᠳᠠ ᠶᠢᠨ ᠦᠨᠳᠦᠰᠦᠨ ᠱᠠᠲᠤᠨ ᠤ ᠵᠠᠰᠠᠯᠲᠠ᠂ ᠪᠣᠯᠪᠠᠰᠤᠨ ᠤ ᠦᠢᠯᠡᠳᠦᠯᠭᠡ ᠳᠤ ᠦᠨᠳᠦᠰᠦ ᠰᠠᠭᠤᠷᠢ ᠪᠠᠨ ᠪᠠᠬᠢᠵᠢᠭᠦᠯᠵᠦ᠂ ᠦᠨᠳᠦᠰᠦ ᠰᠦᠯᠳᠡ ᠪᠠᠨ ᠱᠤᠭᠤᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ