ᠣᠶᠢᠷ᠎ᠠ ᠳᠤ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠬᠤᠲᠠ ᠶᠢᠨ | ᠠᠷᠠᠳ ᠤᠨ ᠰᠢᠭᠦᠬᠦ ᠬᠤᠷᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠭᠡᠨ ᠭᠤᠤᠯ ᠬᠤᠲᠠ ᠶᠢᠨ ᠵᠥᠪᠯᠡᠯ᠂ ᠥᠪᠥᠷ ᠮᠣᠩᠭᠤᠯ ᠤᠨ ᠪᠠᠩᠬᠢ ᠶᠢᠨ ᠬᠥᠯᠥᠨ | ᠪᠤᠶᠢᠷ ᠤᠨ ᠭᠡᠭᠡᠨ ᠭᠤᠤᠯ ᠤᠨ ᠰᠠᠯᠪᠤᠷᠢ ᠪᠠᠩᠬᠢ ᠲᠠᠢ ᠬᠠᠮᠵᠢᠯᠴᠠᠨ ᠡᠷᠭᠢᠯᠡᠭᠰᠡᠨ 2025 ᠣᠨ ᠤ ᠭᠡᠭᠡᠨ ᠭᠤᠤᠯ ᠬᠤᠲᠠ ᠶᠢᠨ ᠬᠦᠢᠲᠡᠨ ᠲᠦᠢᠯ ᠤᠨ ᠬᠤᠨᠳᠠᠭᠠᠲᠤ | ᠠᠵᠢᠯᠲᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠬᠤᠲᠠ ᠶᠢᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠥᠪ ᠲᠤ | ᠠᠮᠵᠢᠯᠲᠠ ᠲᠠᠢ ᠡᠬᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠥ᠋ ᠰᠢᠶᠠᠩ | ᠯᠢᠶᠠᠨ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠦ᠋ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠤᠷᠤᠯᠳᠤᠭᠠᠨ ᠡᠬᠢᠯᠡᠬᠦ ᠠᠴᠠ ᠡᠮᠦᠨ᠎ᠡ᠂ ᠭᠤᠶᠢᠳᠠ ᠰᠠᠶᠢᠬᠠᠨ ᠲᠣᠭᠯᠠᠯᠲᠠ ᠨᠢ ᠤᠷᠢᠳᠠᠪᠠᠷ ᠠᠬᠤᠶ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠪᠡ᠃ | ᠲᠣᠭᠯᠠᠯᠲᠠ ᠳᠤ᠂ ᠣᠷᠭᠢᠯᠤᠮ᠎ᠠ ᠬᠠᠯᠠᠭᠤᠨ ᠠᠶᠢᠵᠠᠮᠲᠤ ᠨᠢ ᠲᠤᠬᠠᠢ ᠶᠢᠨ ᠲᠠᠯᠠᠪᠠᠢ ᠳᠤ ᠣᠷᠭᠢᠯᠤᠨ ᠪᠤᠴᠠᠯᠪᠠ︔ ᠳᠡᠭᠡᠰᠦ ᠦᠰᠦᠷᠬᠦ ᠠᠩᠭᠢ ᠶᠢᠨ ᠭᠡᠰᠢᠭᠦᠳ ᠨᠢᠰᠴᠦ | ᠪᠠᠶᠢᠭ᠎ᠠ ᠳᠡᠭᠡᠰᠦᠨ ᠤ ᠬᠤᠭᠤᠷᠣᠨᠳᠣ ᠶᠠᠭ ᠬᠠᠷᠢᠶᠠᠴᠠᠢ ᠮᠡᠲᠦ ᠰᠦᠯᠵᠢᠯᠳᠦᠵᠦ᠂ ᠥᠨᠳᠥᠷ ᠤᠷ᠎ᠠ ᠮᠡᠷᠭᠡᠵᠢᠯ ᠪᠠ ᠠᠮᠢᠵᠢᠷᠠᠯ ᠤᠨ ᠬᠦᠴᠦᠨ ᠢᠶᠠᠨ ᠭᠠᠶᠢᠬᠠᠭᠤᠯᠤᠨ᠎ᠠ︔ | ᠢᠷᠠᠭᠤ ᠰᠠᠶᠢᠬᠠᠨ ᠠᠮᠠᠨ ᠬᠤᠭᠤᠷ ᠤᠨ ᠲᠣᠭᠯᠠᠯᠲᠠ ᠨᠢ ᠨᠡᠩ ᠴᠤ ᠲᠤᠬᠠᠢ ᠶᠢᠨ ᠲᠠᠯᠠᠪᠠᠢ ᠳᠤ ᠥᠪᠡᠷᠮᠢᠴᠡ ᠦᠨᠳᠦᠰᠦᠲᠡᠨ ᠤ ᠵᠠᠩ ᠵᠠᠩᠰᠢᠯ ᠢ ᠨᠡᠮᠡᠷᠢᠯᠡᠭᠰᠡᠨ | ᠪᠠᠶᠢᠨ᠎ᠠ᠃ | ᠳᠠᠷᠠᠭ᠎ᠠ ᠨᠢ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ᠂ ᠤᠷᠤᠯᠳᠤᠭᠠᠨ ᠵᠢᠩᠬᠢᠨᠢ ᠪᠠᠷ ᠡᠬᠢᠯᠡᠪᠡ᠃ ᠭᠦ᠋ ᠰᠢᠶᠠᠩ ᠯᠢᠶᠠᠨ | ᠡᠬᠢᠯᠡᠯᠲᠡ ᠶᠢᠨ ᠦᠭᠡ ᠬᠡᠯᠡᠵᠦ᠂ ᠲᠡᠷᠡ ᠰᠠᠭᠰᠤᠨ ᠪᠥᠮᠪᠦᠭᠡ ᠪᠠᠷ ᠬᠤᠯᠪᠣᠭᠠᠰᠤ ᠪᠣᠯᠭᠠᠵᠤ᠂ ᠤᠯᠠᠨ ᠢ ᠬᠥᠳᠡᠯᠭᠡᠭᠡᠨ ᠤ ᠳᠤᠮᠳᠠ ᠪᠠᠶᠠᠷ ᠪᠠᠶᠠᠰᠤᠯ ᠣᠯᠭᠤᠵᠤ᠂ ᠪᠦᠬᠦ | ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠠᠵᠢᠯᠳᠠᠨ ᠤ ᠶᠠᠪᠤᠯᠴᠠᠭ᠎ᠠ᠂ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠬᠤ ᠶᠢ ᠬᠦᠰᠡᠪᠡ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠩᠭᠢ ᠶᠢᠨ ᠭᠡᠰᠢᠭᠦᠳ ᠦᠳᠲᠡᠷ ᠲᠦᠷᠭᠡᠨ ︽ᠪᠠᠶᠢᠯᠳᠤᠭᠠᠨ︾ ᠤ ᠪᠠᠶᠢᠳᠠᠯ ᠳᠤ ᠣᠷᠣᠵᠤ᠂ | ᠰᠢᠷᠦᠭᠦᠨ ᠮᠥᠷᠦ᠋ᠢᠴᠡᠭᠡᠨ ᠥᠷᠨᠢᠭᠦᠯᠪᠡ᠃ ᠤᠷᠤᠯᠳᠤᠭᠠᠨ ᠤ ᠲᠠᠯᠠᠪᠤᠷ ᠲᠤ᠂ ᠬᠤᠶᠠᠷ ᠲᠠᠯ᠎ᠠ ᠪᠠᠷ ᠢᠶᠠᠨ ᠪᠤᠯᠢᠶᠠᠯᠳᠤᠨ ᠪᠥᠮᠪᠦᠭᠡ ᠳᠠᠮᠵᠢᠭᠤᠯᠬᠤ᠂ ᠭᠤᠶᠢᠳᠠ | ᠰᠠᠶᠢᠬᠠᠨ ᠪᠡᠶ᠎ᠡ ᠡᠷᠭᠢᠬᠦ᠂ ᠭᠤᠶᠢᠳᠠ ᠰᠠᠶᠢᠬᠠᠨ ᠰᠠᠭᠰᠤᠯᠠᠬᠤ ᠵᠡᠷᠭᠡ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ᠂ ᠦᠵᠡᠭᠴᠢᠳ ᠤᠨ ᠮᠠᠭᠲᠠᠭᠠᠯ ᠰᠠᠶᠢᠰᠢᠶᠠᠯ ᠢ ᠤᠯᠪᠠ᠃ | ᠲᠣᠰ ᠤᠳᠠᠭᠠᠨ ᠤ ᠤᠷᠤᠯᠳᠤᠭᠠᠨ ᠳᠥᠷᠪᠡᠨ ᠡᠳᠦᠷ ᠶᠠᠪᠤᠭᠳᠠᠵᠤ᠂ ᠪᠦᠬᠦ ᠬᠤᠲᠠ ᠳᠤ ᠨᠡᠶᠢᠲᠡ ᠠᠷᠪᠠᠨ ᠤᠷᠤᠯᠳᠤᠭᠠᠨ ᠳᠤ ᠣᠷᠣᠯᠴᠠᠬᠤ ᠠᠩᠭᠢ᠂ ᠵᠠᠭᠤ | ᠰᠢᠬᠠᠮ ᠲᠠᠮᠢᠷᠴᠢᠨ ᠣᠷᠣᠯᠴᠠᠵᠠᠶ᠃ ᠲᠣᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠲᠠᠮᠢᠷ ᠤᠨ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠪᠠᠰᠠ | ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠤᠨ ᠪᠠᠶᠠᠯᠢᠭ ᠰᠠᠶᠢᠬᠠᠨ ᠪᠠᠶᠢᠬᠤ ᠶᠢ ᠨᠠᠩ | ᠭᠦᠢᠴᠡᠳ ᠢᠯᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ᠬᠦᠴᠦᠲᠡᠶ ᠳᠥᠯᠭᠢᠨ ᠠᠬᠢᠭᠤᠯᠵᠤ᠂ ᠮᠠᠨ ᠤ ᠬᠤᠲᠠ ᠶᠢᠨ ᠰᠣᠶᠣᠯ ᠪᠡᠶ᠎ᠡ | ᠲᠠᠮᠢᠷ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ |