2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2025/3/17
     2025 ᠣᠨ ᠤ 1 ᠰᠠᠷ᠎ᠠ ᠶᠢᠨ 21 ᠤ ᠡᠳᠦᠷ ᠭᠡᠭᠡᠨ ᠭᠤᠤᠯ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ          ᠳᠥᠷᠪᠡᠳᠦᠭᠡᠷ ᠤᠳᠠᠭᠠᠨ ᠤ ᠬᠤᠷᠠᠯ      ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ    ᠰᠦᠨ ᠱᠠᠩ ᠭᠦᠸᠧ       ᠲᠥᠯᠥᠭᠡᠯᠡᠭᠴᠢᠳ ᠡ᠄     ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠭᠡᠷᠡᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃     ᠨᠢᠭᠡ᠂ 2024 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠨ ᠬᠡᠷᠡᠭᠵᠢᠭᠦᠯᠵᠦ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠢ ᠪᠦᠬᠦ ᠲᠠᠯ᠎ᠠ ᠪᠠᠷ ᠠᠬᠢᠭᠤᠯᠵᠤ᠂ ᠦᠷᠭᠦᠯᠵᠢᠯᠡᠨ ᠲᠡᠮᠡᠴᠡᠵᠦ᠂ ᠵᠣᠷᠢᠭᠲᠠᠢ ᠪᠠᠷ ᠤᠷᠤᠭᠰᠢᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠳᠤ᠂ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 42 . 86 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 5 % ᠨᠡᠮᠡᠭᠳᠡᠵᠡᠢ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8 . 51 ᠳ᠋ᠦᠩᠰᠢᠭᠤᠷ ᠲᠥᠭᠦᠷᠢᠭ ᠪᠡᠶᠡᠯᠡᠭᠦᠯᠵᠦ ᠂ 15 . 8 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 13 . 59 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠥᠯᠥᠨ ᠪᠤᠶᠢᠷ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1 . 39 ᠳ᠋ᠦᠩᠰᠢᠭᠤᠷ ᠲᠥᠭᠦᠷᠢᠭ ᠪᠡᠶᠡᠯᠡᠭᠦᠯᠵᠦ᠂ 61 % ᠨᠡᠮᠡᠭᠳᠡᠪᠡ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 35978 ᠲᠥᠭᠦᠷᠢᠭ ᠲᠤ ᠬᠦᠷᠴᠦ᠂ 5 % ᠪᠠᠷ ᠨᠡᠮᠡᠭᠳᠡᠪᠡ︔ ᠪᠣᠬᠢᠷᠲᠤᠯ ᠥᠬᠡᠶ ᠭᠦᠢᠴᠡᠳᠭᠡᠬᠦ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠦᠬᠦᠯᠢ ᠴᠣᠭᠴᠠ ᠶᠢᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃    ︵ᠨᠢᠭᠡ︶ ᠲᠥᠷᠥᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠨ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠲᠥᠰᠦᠯ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠶ᠃ ᠭᠤᠣᠯᠳᠠᠯᠭ᠎ᠠ ᠲᠠᠢ ᠲᠥᠷᠥᠯ ᠵᠦᠢᠯ ᠢ 35 ᠬᠡᠷᠡᠭᠵᠢᠭᠦᠯᠵᠦ᠂ 7 . 03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠪᠠ ᠰᠣᠶᠣᠯ ᠵᠢᠭᠤᠯᠴᠢᠯᠠᠯ ᠤᠨ ᠲᠥᠷᠥᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠲᠣᠰᠪᠣᠷᠢ 28 % ᠪᠠ 207 % ᠨᠡᠮᠡᠭᠳᠡᠪᠡ᠃ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ᠂ ᠨᠢᠰᠦᠭᠦᠷ ᠤᠨ ᠬᠦᠢᠲᠡᠨ ᠲᠦᠢᠯ ᠢ ᠰᠢᠯᠭᠠᠨ ᠲᠤᠷᠰᠢᠬᠤ ᠰᠠᠭᠤᠷᠢᠨ ᠭᠠᠵᠠᠷ ᠢ ᠥᠷᠭᠡᠳᠬᠡᠨ ᠪᠠᠶᠢᠭᠤᠯᠬᠤ ᠵᠡᠷᠭᠡ 12 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ 2024 ᠣᠨ ᠤ ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠᠨ ᠳᠤ ᠣᠷᠣᠭᠤᠯᠪᠠ᠃ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠤᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠮᠥᠨ ᠴᠢᠨᠠᠷ ᠤᠨ ᠰᠢᠪᠲᠤᠯᠤᠯᠲᠠ ᠲᠠᠢ ᠪᠣᠯᠪᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ 48 ᠤᠳᠠᠭ᠎ᠠ ᠡᠷᠬᠢᠯᠡᠵᠦ᠂ 26 ᠲᠥᠷᠥᠯ ᠵᠦᠢ ᠳᠤ ᠭᠡᠷ᠎ᠡ ᠲᠣᠭᠲᠠᠨ᠂ ᠬᠤᠲᠠ ᠶᠢᠨ ᠭᠠᠳᠠᠨᠠᠬᠢ ᠪᠡᠯᠡ ᠮᠥᠩᠭᠦ ᠶᠢ 6 . 55 ᠳ᠋ᠦᠩᠰᠢᠭᠤᠷ ᠲᠥᠭᠦᠷᠢᠭ ᠲᠡᠳᠡᠨ ᠣᠷᠣᠭᠤᠯᠵᠤ᠂ 63 % ᠪᠠᠷ ᠨᠡᠮᠡᠭᠳᠡᠨ᠂ ᠪᠡᠯᠡ ᠮᠥᠩᠭᠦᠨ ᠤ ᠶᠡᠷᠦᠩᠬᠡᠢ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃    ︵ᠬᠤᠶᠠᠷ︶ ᠰᠠᠭᠤᠷᠢ ᠥᠩᠭᠡ ᠶᠢ ᠪᠦᠬᠦ ᠬᠦᠴᠦᠨ ᠢᠶᠠᠷ ᠢᠶᠠᠨ ᠠᠷᠴᠢᠵᠤ᠂ ᠬᠠᠯᠬᠠᠪᠴᠢ ᠪᠠᠶᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ  ᠬᠦᠷᠪᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠤᠷᠢᠳᠴᠢᠯᠠᠨ ᠳᠠᠬᠢᠨ ᠬᠢᠨᠠᠯᠲᠠ ᠪᠠᠷ ᠳᠡᠮᠵᠢᠨ᠂ ᠠᠮᠢ ᠠᠬᠤᠶ ᠶᠢᠨ ᠰᠢᠯᠵᠢᠭᠦᠯᠦᠨ ᠥᠭᠬᠦ ᠪᠠᠯᠠ ᠮᠥᠩᠭᠦ ᠶᠢ 1 . 31 ᠳ᠋ᠦᠩᠰᠢᠭᠤᠷ ᠲᠥᠭᠦᠷᠢᠭ ᠣᠯᠵᠤ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠰᠢᠯᠭᠠᠯᠲᠠ ᠳᠤ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠪᠡ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠭᠦᠨᠵᠡᠭᠡᠢ ᠨᠠᠢᠳᠠᠪᠤᠷᠢᠵᠢᠭᠤᠯᠬᠤ᠂ 700 ᠭᠠᠷᠤᠢ ᠬᠥᠮᠦᠨ ᠤᠳᠠᠭ᠎ᠠ ᠭᠤᠣᠯ ᠢ ᠲᠣᠭᠤᠷᠢᠨ ᠪᠠᠶᠢᠴᠠᠭᠠᠵᠤ᠂ 20 ᠭᠠᠷᠤᠢ ᠲᠣᠨ ᠭᠤᠣᠯ ᠤᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠭᠡᠭᠡᠨ ᠭᠤᠣᠯ ᠤᠨ ᠵᠠᠮ᠂ ᠬᠤᠯᠢᠫᠥ᠋ ᠭᠤᠣᠯ ᠤᠨ ᠦᠶᠡᠷ ᠤᠨ ᠭᠤᠤ ᠶᠢ ᠵᠠᠰᠠᠬᠤ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠮᠠᠨᠬᠥ᠋ᠢ ᠪᠠᠯᠭᠠᠰᠤ᠂ ᠳ᠋ᠧᠯᠪᠦᠷ ᠪᠠᠯᠭᠠᠰᠤᠨ ᠤ ᠤᠤᠭᠤᠬᠤ ᠤᠰᠤᠨ ᠤ ᠠᠮᠤᠷ ᠲᠦᠪᠰᠢᠨ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠣᠶ ᠶᠢᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠥᠬᠦ ᠵᠢᠯ ᠳᠤ 8 ᠲᠦᠮᠡ ᠭᠠᠷᠤᠶ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠬᠥᠮᠦᠨ ᠤ ᠬᠦᠴᠦ ᠪᠠᠷ ᠣᠶᠢᠵᠢᠭᠤᠯᠬᠤ 500 ᠮᠥ ᠡᠭᠦᠷᠭᠡ ᠶᠢ ᠪᠡᠶᠡᠯᠡᠭᠦᠯᠪᠡ᠃ ᠣᠯᠭᠤᠶᠠ ᠰᠢᠶᠠᠩ ᠭᠤᠷᠪᠠᠳᠤᠭᠠᠷ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠰᠢᠶᠠᠩ ᠪᠠᠯᠭᠠᠰᠤ︾ ᠶᠢᠨ ᠢᠷᠠᠭᠤ ᠠᠯᠳᠠᠷ ᠢ ᠭᠥᠷᠳᠡᠵᠦ᠂ ᠭᠡᠭᠡᠨ ᠭᠤᠤᠯ ᠬᠤᠲᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠵᠢᠷᠭᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ ︽ᠪᠠᠶᠢᠭᠠᠯᠢ ᠶᠢᠨ ᠬᠤᠲᠠ︾ ᠶᠢᠨ ᠲᠠᠪᠴᠠᠩ ᠳᠤ ᠰᠣᠩᠭᠤᠭᠳᠠᠪᠠ᠃    ︵ᠭᠤᠷᠪᠠ︶ ᠳᠠᠯᠳᠠ ᠬᠦᠴᠦᠨ ᠢ ᠠᠭᠤᠳᠠᠯᠵᠤ᠂ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠢ ᠬᠥᠭᠵᠢᠭᠦᠯᠦᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠳᠡᠭᠡᠭᠰᠢᠯᠡᠪᠡ᠃ 4 . 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠯᠭᠤᠶᠠ ᠦᠵᠡᠮᠵᠢ ᠶᠢᠨ ᠣᠷᠣᠨ ᠢ ᠲᠡᠰ ᠳᠡᠪᠰᠢᠭᠦᠯᠵᠦ᠂ ᠬᠦᠢᠲᠡᠨ ᠲᠦᠢᠢᠯ ᠤᠨ ᠬᠠᠯᠠᠭᠤᠨ ᠷᠠᠰᠢᠶᠠᠨ ᠤ ᠪᠠᠭᠤᠳᠠᠯ᠂ ᠮᠦ ᠳ᠋ᠦ᠋ ᠱᠦᠢ ᠶᠢᠨ ᠶᠢᠷᠲᠢᠨᠴᠦ ᠵᠡᠷᠭᠡ ᠲᠥᠷᠦᠯ ᠵᠦᠢᠯ ᠢ ᠡᠬᠢᠯᠡᠨ ᠪᠠᠶᠢᠭᠤᠯᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠠᠢᠳᠠᠯ ᠲᠠᠰᠤᠷᠠᠯᠲᠠ ᠦᠭᠡᠢ ᠪᠠᠶᠠᠯᠢᠭᠵᠢᠵᠤ᠂ ᠡᠵᠡᠩᠨᠡᠯᠲᠡ ᠶᠢᠨ ᠣᠷᠣᠯᠭ᠎ᠠ 2000 ᠲᠦᠮᠡᠨ ᠲᠥᠭᠦᠷᠢᠭ ᠢ ᠳᠠᠪᠠᠪᠠ᠃ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠦᠢᠲᠡᠨ ᠲᠦᠢᠯ ᠤᠨ ᠰᠢᠷᠢᠰ ᠠᠵᠢᠯᠯᠠᠭ᠎ᠠ ᠠᠮᠵᠢᠯᠲᠠ ᠲᠠᠢ ᠶᠠᠪᠤᠭᠳᠠᠵᠤ᠂ ᠣᠯᠭᠤᠶᠠ ᠶᠢᠨ ᠣᠶ ᠰᠢᠭᠤᠶ ᠶᠢᠨ ᠬᠡᠦᠬᠡᠳ ᠤᠨ ᠥᠯᠢᠭᠡᠷ ᠤᠨ ᠬᠤᠷᠢᠮ ᠵᠡᠷᠭᠡ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠴᠦ᠂ ᠬᠦᠢᠲᠡᠨ ᠲᠦᠢᠯ ᠤᠨ ᠲᠣᠰᠬᠤᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ︽ᠣᠯᠭᠤᠶᠠ ᠶᠢᠨ ᠡᠭᠦᠯᠡ︾ ᠶᠢᠨ ᠲᠠᠪᠴᠠᠩ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ 1800 ᠭᠠᠷᠤᠶ ᠸᠢᠳᠢᠣ᠋ ᠭᠠᠷᠭᠠᠵᠤ᠂ 700 ᠭᠠᠷᠤᠶ ᠲᠠᠯᠠᠪᠤᠷ ᠰᠢᠭᠤᠳ ᠨᠡᠪᠲᠡᠷᠡᠭᠦᠯᠭᠡ ᠬᠢᠵᠦ᠂ ᠰᠦᠯᠵᠢᠶᠡᠨ ᠳᠡᠭᠡᠷᠡᠬᠢ ᠢᠯᠡᠴᠢᠯᠡᠯᠲᠡ ᠶᠢᠨ ᠬᠡᠮᠵᠢᠶ᠎ᠡ 1 . 6 ᠳ᠋ᠦᠩᠰᠢᠭᠤᠷ ᠲᠤ ᠬᠦᠷᠴᠡᠶ᠃ ᠲᠥᠪ ᠲᠧᠯᠸᠢᠰ ᠤᠨ ︽ᠰᠣᠶᠣᠯ ᠢᠷᠭᠡᠨᠰᠢᠯ ᠤᠨ ᠵᠠᠭᠤᠨ ᠪᠠᠯᠭᠠᠰᠤ︾ ᠭᠡᠬᠦ ᠪᠠᠷᠢᠮᠲᠠᠲᠤ ᠹᠢᠯᠢᠮ ᠭᠡᠭᠡᠨ ᠭᠤᠣᠯ ᠳᠤ ᠰᠡᠭᠦᠳᠡᠷᠯᠡᠵᠦ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ︽ᠳᠤᠮᠳᠠᠳᠤ ᠤᠯᠤᠰ︕ ᠢᠩᠭᠢᠵᠦ ᠨᠠᠭᠠᠳᠤᠶ᠎ᠠ︕︾ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ᠂ ︽ᠣᠯᠭᠤᠶᠠ ᠶᠢᠨ ᠴᠡ ᠪᠤᠭᠤ ᠠᠢᠮᠠᠭ ᠤᠳ ᠢ ᠨᠢᠭᠤᠴᠠ ᠳᠠᠯᠳᠠ ᠪᠢᠰᠢ ᠪᠤᠯᠭᠠᠶ᠎ᠠ︾ ᠭᠡᠬᠦ ᠠᠵᠢᠯᠯᠠᠭ᠎ᠠ ᠨᠢ 2024 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠨᠥᠯᠥᠭᠡᠯᠡᠬᠦ ᠬᠦᠴᠦᠨ ᠤ ᠬᠡᠷᠡᠭ ᠤᠨ ᠵᠢᠱᠢᠶ᠎ᠡ ᠪᠠᠷ ᠦᠨᠡᠯᠡᠭᠳᠡᠵᠦ᠂ ︽ᠳᠤᠮᠳᠠᠳᠤ ᠤᠯᠤᠰ ᠤᠨ ᠬᠦᠢᠲᠡᠨ ᠲᠦᠢᠯ︾᠂ ︽ᠣᠯᠭᠤᠶᠠ︾ ᠶᠢᠨ ᠨᠠᠷᠠᠲᠤ ᠲᠡᠮᠳᠡᠭ ᠤᠨ ᠠᠯᠳᠠᠷᠰᠢᠯ ᠦᠷᠭᠦᠯᠵᠢᠯᠡᠨ ᠳᠡᠭᠡᠭᠰᠢᠯᠡᠪᠡ᠃ ᠭᠡᠭᠡᠨ ᠭᠤᠤᠯ ᠤᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠦᠢᠯᠡᠴᠢᠯᠡᠭᠡᠨ ᠤ ᠬᠤᠳᠠᠯᠳᠤᠭᠠᠴᠢᠨ ᠢᠶᠠᠷ ᠰᠣᠩᠭᠤᠭᠳᠠᠵᠤ᠂  ᠮᠣᠳᠣᠨ ᠤ ᠦᠢᠯᠡᠰ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢᠶᠠᠷ ᠰᠣᠩᠭᠤᠭᠳᠠᠵᠤ᠂ ᠪᠠᠷᠠᠭᠤᠨ ᠦᠴᠢᠶ᠎ᠠ ᠬᠤᠸᠠᠷᠠᠨ᠂ ᠮᠡᠶᠢᠷᠡᠨ ᠠᠭᠤᠯᠠᠨ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠦᠨᠡᠯᠡᠭᠳᠡᠵᠦ᠂ ᠳᠠᠪᠠᠭᠠᠨ ᠳᠡᠭᠡᠷ᠎ᠡ ᠴᠡᠴᠡᠭ ᠳᠡᠯᠭᠡᠷᠡᠭᠰᠡᠨ ᠨᠢ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠦᠨᠡᠯᠡᠭᠳᠡᠵᠦ᠂ ᠬᠡᠭᠡᠨ ᠭᠤᠤᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ ᠢᠶᠠᠷ ᠵᠥᠪᠰᠢᠶᠡᠷᠡᠭᠳᠡᠵᠦ᠂ ᠶᠡᠭᠡ ᠬᠢᠩᠭᠠᠨ ᠳᠠᠪᠠᠭ᠎ᠠ ᠶᠢᠨ ᠬᠡᠷ ᠲᠡᠷᠭᠡᠨ ᠤ ᠪᠠᠭᠤᠴᠠ ᠨᠢ ᠤᠯᠤᠰ ᠤᠨ 4 C ᠲᠠᠰ ᠤᠨ ᠬᠤᠪᠢ ᠪᠠᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠮᠠᠰᠢᠨ ᠲᠡᠷᠭᠡᠨ ᠤ ᠪᠠᠭᠤᠴᠠ ᠪᠠᠷ ᠦᠨᠡᠯᠡᠭᠳᠡᠵᠦ᠂ ᠬᠥᠯᠥᠨ ᠪᠤᠶᠢᠷ ᠬᠤᠲᠠ ᠶᠢᠨ ᠠᠩᠬᠠᠳᠠᠭᠴᠢ ᠬᠠᠮᠤᠭ ᠤᠨ ᠥᠨᠳᠥᠷ ᠲᠠᠰ ᠤᠨ ᠵᠢᠭᠤᠯᠴᠢᠯᠠᠯ ᠤᠨ ᠭᠠᠵᠠᠷ ᠪᠤᠯᠵᠠᠢ᠃ ᠣᠯᠭᠤᠶᠠ ᠰᠢᠶᠠᠩ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ︾ ᠪᠠᠷ ᠰᠣᠩᠭᠤᠭᠳᠠᠵᠤ᠂ ᠭᠡᠭᠡᠨ ᠭᠤᠣᠯ ᠬᠤᠲᠠ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢᠶᠠᠷ ᠰᠣᠩᠭᠤᠭᠳᠠᠪᠠ᠃ ᠪᠦᠬᠦ ᠵᠢᠯ ᠳᠤ ᠵᠤᠭᠠᠴᠠᠭᠰᠠᠳ ᠢ 251 . 94 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 36 . 96 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰᠪᠣᠷᠢ 14 % ᠪᠠ 12 % ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠣᠭᠲᠠᠭᠤᠨ ᠢᠶᠠᠷ ᠬᠥᠭᠵᠢᠪᠡ᠃ ᠠᠮᠤ ᠪᠤᠳᠠᠭ᠎ᠠ᠂ ᠰᠢᠯᠢᠮᠳᠡᠭ ᠳᠠᠷᠢᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠢᠯᠢᠭᠲᠦ ᠳᠠᠯᠳᠠᠤ᠂ ᠮᠥᠭᠦ᠂ ᠬᠠᠷ᠎ᠠ ᠳᠠᠯᠳᠠᠤ ᠵᠡᠷᠭᠡ 156 ᠲᠦᠮᠡᠨ ᠤᠭᠤᠲᠠ ᠂ ᠬᠥᠬᠡ ᠵᠢᠮᠢᠰᠭᠡᠨ᠎ᠡ 108 ᠮᠥ᠂ ᠴᠠᠨ᠎ᠠ 2000 ᠭᠠᠷᠤᠶ ᠮᠥ ᠳᠠᠷᠢᠪᠠ᠃ ᠮᠠᠯ ᠠᠵᠤ ᠠᠬᠤᠢ ᠲᠦᠷᠭᠡᠨ ᠬᠥᠭᠵᠢᠵᠦ᠂ ᠮᠠᠯᠵᠢᠯ ᠤᠨ ᠮᠠᠯ ᠤᠨ ᠲᠤᠭ᠎ᠠ  1 . 62 ᠲᠦᠮᠡ ᠳᠤ ᠬᠦᠷᠴᠦ᠂ ᠮᠢᠬᠠᠨ ᠤ ᠭᠠᠷᠤᠯᠲᠠ 739 ᠲᠣᠨ ᠳᠤ ᠬᠦᠷᠴᠦ᠂ 8 % ᠪᠠᠷ ᠨᠡᠮᠡᠭᠳᠡᠪᠡ᠃ ᠣᠯᠭᠤᠶᠠ ᠶᠢᠨ ᠴᠠ ᠪᠤᠭᠤ ᠬᠠᠮᠠᠭᠠᠯᠠᠬᠤ ᠠᠵᠢᠯ ᠤᠷᠤᠭᠰᠢᠲᠠᠶ ᠶᠠᠪᠤᠭᠳᠠᠵᠤ᠂ 1500 ᠭᠠᠷᠤᠶ ᠴᠠ ᠪᠤᠭᠤ ᠲᠡᠵᠢᠭᠡᠵᠦ ᠪᠣᠶ᠃ ᠣᠶ ᠶᠢᠨ ᠬᠤᠷᠮᠣᠶ ᠶᠢᠨ ᠡᠬᠢ ᠪᠠᠶᠠᠯᠢᠭ ᠤᠨ ᠳᠠᠪᠠᠭᠤᠯᠢᠭ ᠢ ᠲᠠᠰᠤᠷᠠᠯᠲᠠ ᠥᠬᠡᠶ ᠭᠦᠨ ᠠᠭᠤᠳᠠᠯᠵᠤ᠂ ᠬᠥᠬᠡ ᠪᠤᠳᠤᠭᠲᠤ ᠵᠢᠮᠢᠰ ᠤᠨ ᠳᠠᠯᠠᠨ ᠬᠠᠯᠢᠰᠤ ᠶᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠲᠥᠷᠥᠯ  ᠵᠦᠢᠯ ᠨᠢ ᠰᠢᠯᠭᠠᠨ ᠬᠤᠷᠢᠶᠠᠬᠤ ᠳᠤ ᠪᠠᠲᠤᠯᠠᠭᠳᠠᠵᠤ᠂ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠢᠯᠢᠭᠲᠦ ᠳᠠᠯᠳᠠᠤ᠂ ᠬᠤᠰᠤᠨ ᠮᠣᠳᠣᠨ ᠤ ᠰᠢᠭᠦᠰᠦ ᠶᠢᠨ ᠠᠭᠰᠢᠭᠠᠮᠠᠯ ᠰᠢᠩᠭᠡᠨ᠂ ᠪᠢᠯᠢᠭᠲᠦ ᠳᠠᠯᠳᠠᠤ ᠶᠢᠨ ᠠᠷᠢᠬᠢ ᠵᠡᠷᠭᠡ ᠰᠢᠷᠢᠰ ᠪᠦᠲᠦᠭᠡᠭᠳᠡᠬᠦᠨ ᠢ ᠦᠢᠯᠡᠳᠪᠦᠷᠢᠯᠡᠪᠡ᠃ ᠯᠢᠨ ᠬᠠᠢ ᠶᠤᠸᠠᠨ ᠺᠣᠮᠫᠠᠨᠢ ︽ᠥᠪᠥᠷ ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠢ ᠣᠯᠵᠤ᠂ ︽ᠳᠠᠩ︾ ᠤᠨ ᠰᠢᠪᠲᠤᠯᠤᠯᠲᠠ ᠶᠢ ᠪᠡᠶᠡᠯᠡᠭᠦᠯᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠠᠭᠲᠠᠭᠠᠮᠵᠢ ᠶᠢ ᠲᠦᠷᠭᠡᠪᠴᠢᠯᠡᠨ ᠥᠷᠭᠡᠳᠬᠡᠪᠡ᠃ ᠳᠤᠮᠳᠠᠳᠤ ᠤᠯᠤᠰ ᠤᠨ ᠬᠦᠢᠲᠡᠨ  ᠲᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠳᠤ ᠲᠡᠰᠪᠦᠷᠢᠲᠡᠢ ᠴᠢᠨᠠᠷ ᠢ ᠰᠢᠯᠭᠠᠨ ᠲᠤᠷᠰᠢᠬᠤ ᠰᠠᠭᠤᠷᠢᠨ ᠭᠠᠵᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠲᠠᠪᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢ ᠠᠨ ᠤ ᠲᠤᠷᠰᠢᠨ ᠨᠢᠰᠬᠦ ᠬᠦᠷᠢᠶᠡᠯᠡᠩ ᠤᠨ ᠣᠯᠠᠨ ᠬᠡᠯᠪᠡᠷᠢ ᠶᠢᠨ ᠨᠢᠰᠬᠡᠭᠦᠷ ᠤᠨ ᠬᠦᠢᠲᠡᠨ ᠲᠦᠢᠯ ᠤᠨ ᠰᠢᠯᠭᠠᠨ ᠲᠤᠷᠰᠢᠬᠤ ᠠᠵᠢᠯ ᠤᠷᠤᠭᠰᠢᠲᠠᠢ ᠶᠠᠪᠤᠭᠳᠠᠵᠤ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ  ᠦᠢᠯᠡᠳᠪᠦᠷᠢ ᠶᠢᠨ ᠵᠢᠯᠣᠭᠤᠴᠢ ᠦᠭᠡᠢ ᠨᠢᠰᠬᠡᠯ ᠤᠨ ᠵᠤᠨ ᠤ ᠤᠯᠠᠷᠢᠯ ᠤᠨ ᠨᠢᠰᠦᠯᠲᠡ ᠶᠢᠨ ᠰᠢᠯᠭᠠᠨ ᠲᠤᠷᠰᠢᠬᠤ ᠠᠵᠢᠯ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠪᠦᠬᠦ ᠤᠯᠠᠷᠢᠯ ᠤᠨ ᠰᠢᠯᠭᠠᠨ ᠲᠤᠷᠰᠢᠬᠤ ᠠᠵᠢᠯ ᠳᠤ ᠰᠢᠪᠲᠤᠯᠤᠯᠲᠠ ᠭᠠᠷᠭᠠᠪᠠ᠃ ᠳᠤᠮᠳᠠᠳᠤ ᠤᠯᠤᠰ ᠤᠨ ᠬᠦᠢᠲᠡᠨ ᠲᠦᠢᠯ ᠤᠨ ᠮᠠᠷᠠᠰᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ︽ᠮᠥᠰᠥ ᠴᠠᠰᠤ + ᠬᠥᠳᠡᠯᠭᠡᠭᠡᠨ︾ ᠨᠢ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠪᠠ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠪᠠ᠃ ᠱᠠᠨᠵᠢᠨ ᠪᠣᠯᠤᠨ ᠪᠢᠯᠢᠶᠠ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ ᠱᠠᠨ ᠶᠢᠨ ᠠᠭᠤᠷᠬᠠᠶ ᠶᠢᠨ  ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ ᠢᠨᠵᠧᠨᠧᠷᠢᠩ ᠰᠢᠪᠲᠤᠷᠭᠠᠨ ᠳᠠᠭᠠᠨ ᠣᠷᠣᠵᠤ᠂ ᠱᠠᠨ ᠶᠢᠨ ᠠᠭᠤᠷᠬᠠᠶ ᠶᠢᠨ ᠦᠢᠯᠡᠰ ᠤᠨ ᠣᠶᠤᠨᠴᠢ ᠪᠠᠷ ᠬᠠᠶᠠᠭᠳᠠᠮᠠᠯ ᠢ ᠬᠠᠶᠠᠬᠤ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ ᠪᠦᠬᠦ ᠵᠢᠯ ᠳᠤ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠥᠷᠥᠯ ᠵᠦᠢᠯ  ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃     ︵ᠳᠦᠷᠪᠡ︶ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠥᠭᠵᠢᠯᠲᠡ ᠶᠢᠨ ᠠᠭᠤᠷ ᠠᠮᠢᠰᠬᠤᠯ ᠳᠤ ᠰᠢᠨ᠎ᠡ ᠬᠤᠪᠢᠷᠠᠯᠲᠠ ᠭᠠᠷᠪᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ 3858 ᠲᠦᠮᠡᠨ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠵᠦ᠂ 546 ᠲᠦᠮᠡᠨ ᠲᠥᠭᠦᠷᠢᠭ ᠤᠨ ᠭᠠᠶᠢᠯᠢ ᠶᠢ ᠦᠯᠡᠳᠡᠭᠡᠨ ᠪᠤᠴᠠᠭᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠨᠢᠭᠡ ᠤᠴᠢᠷ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠶᠢᠨ ᠬᠡᠷᠡᠭ ᠭᠦᠢᠴᠡᠳᠭᠡᠭᠰᠡᠨ ᠬᠡᠮᠵᠢᠶ᠎ᠡ 2196 ᠬᠤᠪᠢ ᠪᠠᠶᠢᠵᠤ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠭᠰᠡᠨ ᠨᠣᠷᠮ᠎ᠠ 98 . 69 % ᠳᠤ ᠬᠥᠷᠪᠡ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽12345︾ ᠦᠢᠯᠡᠴᠢᠯᠡᠭᠡᠨ ᠤ ᠬᠠᠯᠠᠭᠤᠨ ᠤᠲᠠᠰᠤ 3801 ᠬᠤᠪᠢ ᠠᠵᠢᠯ ᠤᠨ ᠬᠠᠭᠤᠳᠠᠰᠤ ᠶᠢ ᠬᠦᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 97 . 82 % ᠲᠤ ᠬᠦᠷᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠭᠤᠶᠠ ᠵᠤᠭᠠᠴᠠᠯ ᠤᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ︽ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ︾᠂ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠤᠨ ᠢᠷᠠᠭᠤ ᠠᠯᠳᠠᠷ ᠢ ᠬᠦᠷᠲᠡᠪᠡ᠃ ᠾᠧ ᠯᠦᠨ ᠪᠠᠭᠤᠳᠠᠯ᠂ ᠪᠠᠷᠠᠭᠤᠨ ᠡᠦ ᠴᠢ ᠶᠠ ᠵᠢᠭᠤᠯᠴᠢᠯᠠᠯ ᠤᠨ ᠺᠣᠮᠫᠠᠨᠢ ᠶᠢ ᠬᠢᠵᠠᠭᠠᠷᠲᠤ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠵᠤ᠂ ᠬᠤᠨᠤᠭ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ  ᠪᠠᠳᠠᠷᠠᠭᠤᠯᠪᠠ᠃    ︵ᠲᠠᠪᠤ︶ ᠪᠦᠬᠦ ᠬᠦᠴᠦᠨ ᠢᠶᠠᠷ ᠢᠶᠠᠨ ᠰᠠᠭᠤᠷᠢ ᠪᠠᠨ ᠪᠠᠲᠤᠳᠬᠠᠨ᠂ ᠨᠢᠭᠡᠳᠦᠯᠲᠡᠢ ᠳᠤ ᠲᠥᠯᠥᠪᠵᠢᠭᠦᠯᠬᠦ ᠶᠢ ᠠᠳᠬᠤᠵᠤ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ ᠲᠠᠢ ᠪᠣᠯᠪᠠ᠃ ︽ᠭᠡᠭᠡᠨ ᠭᠤᠣᠯ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠪᠡ︾ ᠶᠢ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠴᠣᠬᠤᠯᠠᠪᠤᠷᠢᠯᠠᠭᠰᠠᠨ ᠢᠶᠠᠷ᠂ ︽ᠭᠤᠣᠯ ᠬᠤᠲᠠ ᠲᠣᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠪᠡ︾ ᠶᠢ ᠨᠠᠶᠢᠷᠠᠭᠤᠯᠤᠨ ᠵᠣᠬᠢᠶᠠᠭᠠᠳ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠳᠤᠯᠠᠭᠠᠯᠠᠭ᠎ᠠ ᠶᠢᠨ ᠢᠨᠵᠧᠨᠧᠷᠢᠩ ᠪᠣᠳᠠᠲᠤ ᠦᠷ᠎ᠡ ᠪᠦᠲᠦᠮᠵᠢ ᠣᠯᠵᠤ᠂ 6000 ᠲᠦᠮᠡᠨ ᠲᠥᠭᠦᠷᠢᠭ ᠤᠨ ᠪᠡᠯᠡ ᠣᠷᠣᠭᠤᠯᠵᠤ᠂ 1 ᠬᠠᠭᠤᠴᠢᠨ ᠰᠠᠭᠤᠭᠠᠯᠢ ᠲᠣᠭᠤᠷᠢᠭ᠂ 20 . 6 ᠺᠢᠯᠣᠮᠧᠳ᠋ᠷ ᠬᠠᠭᠤᠴᠢᠨ ᠬᠤᠭᠤᠯᠠᠢ ᠶᠢ ᠥᠭᠡᠷᠡᠴᠢᠯᠡᠨ ᠵᠠᠰᠠᠵᠤ᠂ 74 ᠰᠠᠭᠤᠷᠢ ᠠᠰᠠᠷ ᠢ 15 . 8 ᠺᠢᠯᠣᠮᠧᠲᠷ ᠵᠠᠰᠠᠨ ᠪᠠᠶᠢᠭᠤᠯᠵᠤ᠂ 2908 ᠡᠷᠦᠬᠡ ᠳᠤ ᠠᠰᠢᠭ ᠬᠦᠷᠲᠡᠭᠡᠪᠡ᠃ ᠵᠠᠮ ᠬᠠᠷᠢᠯᠴᠠᠭᠠᠨ ᠤ ᠲᠥᠷᠥᠯ ᠵᠦᠢᠯ  ᠶᠢ ᠲᠦᠷᠭᠡᠨ ᠠᠬᠢᠭᠤᠯᠵᠦ᠂ ᠭᠡᠭᠡᠨ ᠭᠤᠣᠯ ᠠᠴᠠ ᠶᠠᠭᠰᠢ ᠬᠦᠷᠬᠦ᠂ ᠦᠯᠬᠦᠮ᠎ᠡ ᠠᠴᠠ ᠰᠢᠶᠠ ᠶᠠᠩ ᠭᠧ ᠴᠢ ᠬᠦᠷᠬᠦ᠂ ᠧᠯᠪᠦᠷ ᠠᠴᠠ ᠮᠦ ᠷᠦᠢ ᠬᠦᠷᠬᠦ ᠵᠠᠰᠠᠮᠠᠯ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ 3100 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠦᠩ ᠯᠢᠨ ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ᠂ ᠡᠪᠳᠡᠭᠳᠡᠭᠰᠡᠨ ᠵᠠᠮ ᠢ ᠰᠡᠯᠪᠢᠨ ᠵᠠᠰᠠᠬᠤ᠂ 9 ᠺᠢᠯᠣᠮᠧᠲᠷ ᠪᠤᠵᠠᠷ ᠤᠰᠤᠨ ᠤ ᠬᠤᠭᠤᠯᠠᠢ ᠶᠢ ᠥᠭᠡᠷᠡᠴᠢᠯᠡᠨ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ᠂ ᠠᠮᠢᠳᠤᠷᠠᠯ ᠶᠡᠬᠡᠪᠡᠷ ᠰᠠᠶᠢᠵᠢᠷᠠᠪᠠ᠃ ᠣᠷᠴᠢᠨ ᠠᠬᠤᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠭᠡ ᠪᠠᠷ ᠥᠷᠨᠢᠭᠦᠯᠵᠦ᠂ ᠦᠵᠡᠮᠵᠢᠲᠦ ᠴᠡᠴᠡᠭ 11 . 5 ᠲᠦᠮᠡᠨ ᠰᠠᠭᠤᠷᠢ ᠵᠠᠶᠢᠯᠠᠵᠤ ᠤᠷᠭᠤᠭᠤᠯᠤᠨ᠂ ᠬᠤᠳᠠ ᠲᠣᠭᠤᠷᠢᠭ ᠤᠨ ᠵᠡᠭᠡᠯᠢ ᠳᠠᠭᠠᠤ ᠶᠢᠨ ᠪᠠᠶᠢᠰᠢᠩ ᠭᠡᠷ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠤᠳᠠ ᠶᠢᠨ ᠳᠦᠷᠰᠦ ᠪᠠᠶᠢᠳᠠᠯ ᠴᠣ᠋ ᠰᠢᠨ᠎ᠡ ᠪᠣᠯᠪᠠ᠃    ︵ᠵᠢᠷᠭᠤᠭ᠎ᠠ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠬᠠᠷᠠᠭᠠᠯᠵᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠤᠨ᠂ ᠨᠡᠶᠢᠭᠡᠮ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠪᠠ᠃ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 11 . 45 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 64 % ᠶᠢ ᠡᠵᠡᠯᠡᠪᠡ᠃ ᠠᠵᠢᠯ ᠣᠯᠭᠤᠯᠲᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3 . 86 % ᠶᠢᠨ ᠳᠣᠲᠣᠷ᠎ᠠ ᠬᠢᠵᠠᠭᠠᠷᠯᠠᠨ᠎ᠠ᠃ ᠮᠠᠨᠬᠥ᠋ᠢ ᠪᠠᠯᠭᠠᠰᠤ᠂ ᠣᠯᠭᠤᠶᠠ ᠰᠢᠶᠠᠩ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ ᠮᠠᠨᠬᠥ᠋ᠢ ᠪᠠᠯᠭᠠᠰᠤᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ ᠢ ᠥᠭᠡᠷᠡᠴᠢᠯᠡᠨ ᠪᠠᠶᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠢ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠵᠢᠭᠠᠨ ᠰᠤᠷᠭᠠᠯᠲᠠ ᠶᠢᠨ ᠶᠠᠰᠤ ᠴᠢᠨᠠᠷ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠵᠢᠩᠬᠢᠨᠢ ᠠᠩᠭᠢ ᠶᠢᠨ ᠰᠦᠯᠵᠢᠶᠡᠨ ᠳᠤ ᠭᠠᠷᠬᠤ ᠨᠣᠷᠮ᠎ᠠ ᠬᠥᠯᠥᠨ ᠪᠤᠶᠢᠷ ᠬᠤᠲᠠ ᠶᠢᠨ ᠨᠢᠭᠡᠳᠦᠭᠡᠷ ᠡᠩᠨᠡᠭᠡᠨ ᠳᠤ ᠣᠷᠣᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠦᠨ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠵᠢᠴᠢ ᠬᠤᠪᠢᠶᠠᠷᠢ ᠡᠮᠨᠡᠯᠭᠡ ᠶᠢᠨ ᠬᠤᠷᠢᠶᠠᠨ ᠤ ᠪᠠᠢᠭᠤᠯᠤᠮᠵᠢ ᠶᠢᠨ ᠲᠣᠬᠢᠷᠠᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠠᠯᠪᠠᠨ ᠠᠴᠠ ᠪᠠᠢᠭᠤᠯᠤᠭᠰᠠᠨ ᠡᠮᠨᠡᠯᠭᠡ ᠶᠢᠨ ᠬᠤᠷᠢᠶ᠎ᠠ ᠨᠢ 4 ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠣᠭᠠᠲᠤ ᠴᠣᠭᠴᠠ ᠪᠠ ᠮᠡᠷᠭᠡᠵᠢᠯ ᠢᠶᠠᠷ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ ᠴᠢᠨᠠᠷ ᠰᠠᠢᠲᠠᠢ ᠡᠮᠴᠢᠯᠡᠭᠡᠨ ᠤ ᠦᠢᠯᠡᠴᠢᠯᠡᠭᠡ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ ᠰᠣᠶᠣᠯ ᠤᠨ ᠠᠵᠦ ᠦᠢᠯᠡᠰ ᠴᠡᠴᠡᠭᠯᠡᠨ ᠬᠥᠭᠵᠢᠵᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 300 ᠭᠠᠷᠤᠶ ᠲᠠᠯᠠᠪᠤᠷ ᠥᠷᠨᠢᠭᠦᠯᠵᠦ᠂ ︽ᠮᠠᠨ ᠤ ᠣᠯᠭᠤᠶᠠ︾ ᠪᠣᠳᠠᠲᠤ ᠦᠵᠡᠮᠵᠢ ᠶᠢᠨ ᠲᠣᠭᠯᠠᠯᠲᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠤᠶᠢᠵᠢᠭᠤᠯᠬᠤ ᠤᠷᠠᠨ ᠰᠠᠶᠢᠬᠠᠨ ᠵᠢᠭᠤᠯᠴᠢᠯᠠᠯ ᠤᠨ ᠰᠣᠳᠣᠨ ᠲᠥᠷᠥᠯ ᠵᠦᠢᠯ ᠳᠤ ᠰᠣᠩᠭᠤᠭᠳᠠᠵᠤ ᠂ ᠬᠤᠲᠠ ᠶᠢᠨ ᠨᠣᠮ ᠤᠨ ᠰᠠᠩ ︽ᠪᠥᠬᠦ ᠤᠯᠤᠰ ᠤᠨ ᠰᠢᠶᠠᠨ ᠤ ᠱᠠᠲᠤᠨ ᠠᠴᠠ ᠳᠡᠭᠡᠭᠰᠢᠬᠢ ᠭᠤᠷᠪᠠᠳᠤᠭᠠᠷ ᠳᠡᠰ ᠤᠨ ᠨᠣᠮ ᠤᠨ ᠰᠠᠩ︾ ᠢᠶᠠᠷ ᠦᠨᠡᠯᠡᠭᠳᠡᠵᠦ᠂ ᠬᠡᠭᠡᠨ ᠭᠤᠤᠯ ᠬᠤᠲᠠ ᠬᠤᠶᠠᠷ ᠵᠢᠯ ᠳᠠᠷᠠᠭᠠᠯᠠᠨ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠤ ︽ᠳᠥᠷᠪᠡᠨ ᠤᠯᠠᠷᠢᠯ ᠤᠨ ᠲᠣᠰᠬᠤᠨ ᠤ ᠣᠷᠣᠶ︾ ᠶᠢᠨ ᠵᠢᠱᠢᠶ᠎ᠡ ᠦᠵᠡᠭᠦᠯᠬᠦ ᠴᠡᠭ ᠤᠨ ᠨᠡᠷᠡᠰ ᠲᠤ ᠰᠣᠩᠭᠤᠭᠳᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠤᠬᠠᠮᠰᠠᠷ ᠭᠦᠨᠵᠡᠭᠡᠶᠢᠷᠡᠨ ᠪᠣᠳᠠᠲᠠᠶᠢᠵᠢᠵᠤ᠂ ᠵᠣᠯ ᠵᠢᠷᠭᠠᠯᠲᠤ ᠨᠡᠶᠢᠭᠡᠮ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠤᠷᠰᠢᠯᠲᠠ ᠶᠢᠨ ᠨᠡᠶᠢᠭᠡᠮ ᠲᠣᠭᠤᠷᠢᠭ ᠲᠤ ᠵᠥᠪᠰᠢᠶᠡᠷᠡᠭᠳᠡᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠦ᠂ ᠴᠠᠬᠢᠯᠭᠠᠨ ᠮᠡᠬᠡᠯᠡᠯ ᠤᠨ ᠬᠡᠷᠡᠭ ᠭᠠᠷᠤᠭᠰᠠᠨ ᠲᠤᠭ᠎ᠠ 61 % ᠪᠠᠷ ᠪᠠᠭᠤᠷᠠᠵᠤ᠂ ᠮᠡᠬᠡᠯᠡᠯ ᠢ ᠡᠰᠡᠷᠭᠦᠴᠡᠬᠦ ᠠᠵᠢᠯ ᠤᠨ ᠲᠤᠷᠰᠢᠯᠭ᠎ᠠ ᠶᠢ ᠪᠥᠬᠦ ᠣᠷᠣᠨ ᠳᠤ ᠳᠡᠯᠭᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠳᠤ ︽ᠲᠣᠮᠣ ᠴᠢᠬᠤᠯᠠ ᠬᠡᠷᠡᠭ︾  ᠪᠠᠷ ᠵᠢᠭᠰᠠᠭᠠᠭᠳᠠᠭᠰᠠᠨ ︽5 ᠂16︾ ᠶᠢᠨ ᠳᠠᠮᠵᠢᠭᠤᠯᠤᠨ ᠪᠣᠷᠣᠯᠠᠭᠤᠯᠤᠭᠰᠠᠨ ᠬᠡᠷᠡᠭ᠂ ︽6᠂24︾ ᠤ ᠵᠢᠭᠡᠯᠡᠯᠭᠡ ᠶᠢᠨ ᠮᠡᠬᠡᠯᠡᠯ ᠤᠨ ᠬᠡᠷᠡᠭ ᠢ ᠠᠮᠵᠢᠯᠲᠠ ᠲᠠᠢ ᠪᠠᠷ ᠢᠯᠡᠷᠡᠭᠦᠯᠪᠡ᠃    ︵ᠳᠣᠯᠤᠭ᠎ᠠ︶ ᠪᠦᠬᠦ ᠬᠦᠴᠦᠨ ᠢᠶᠠᠷ ᠢᠶᠠᠨ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠢ ᠪᠠᠷ ᠬᠤᠲᠠ ᠶᠢᠨ ᠨᠠᠮ ᠤᠨ ᠬᠤᠷᠢᠶᠠᠨ ᠤ ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠢ  ᠨᠠᠢᠳᠠᠪᠤᠷᠢᠵᠢᠭᠤᠯᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 27 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 82 ᠬᠤᠪᠢ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ ︾ ᠢ ᠲᠠᠰᠤᠷᠠᠯᠳᠠ ᠦᠭᠡᠢ ᠪᠠᠭᠠᠰᠬᠠᠵᠤ᠂ ᠪᠢᠴᠢᠭ ᠮᠠᠲ᠋ᠧᠷᠢᠶᠠᠯ ᠬᠢᠭᠡᠳ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠪᠣᠳᠠᠲᠠᠢ ᠶᠢ ᠡᠷᠬᠢᠮᠯᠡᠨ ᠲᠠᠬᠢᠨ ᠠᠵᠢᠯᠯᠠᠵᠤ᠂ ᠬᠥᠭᠵᠢᠯᠲᠡ ᠶᠢ ᠲᠦᠷᠭᠡᠳᠬᠡᠬᠦ ᠠᠵᠢᠯ ᠬᠢᠬᠦ ᠠᠭᠤᠷ ᠠᠮᠢᠰᠬᠤᠯ ᠢ ᠨᠡᠩ  ᠭᠦᠨ ᠪᠣᠯᠭᠠᠪᠠ᠃    ᠡᠭᠦᠨ ᠤ ᠬᠠᠮᠲᠤ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠨᠡᠶᠢᠭᠡᠮ ᠤᠨ ᠠᠵᠢᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠲᠤᠭ᠎ᠠ ᠪᠦᠷᠢᠳᠬᠡᠯ᠂ ᠬᠢᠨᠠᠨ ᠪᠤᠳᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠪᠠᠶᠢᠭᠤᠯᠭ᠎ᠠ ᠶᠢᠨ ᠶᠠᠪᠤᠳᠠᠯ᠂ ᠤᠯᠠᠭᠠᠨ ᠵᠠᠭᠠᠯᠮᠠᠶᠢᠲᠠᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ  ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠮᠵᠢᠯᠲᠠ ᠤᠯᠪᠠ᠃    ᠲᠥᠯᠥᠭᠡᠯᠡᠭᠴᠢᠳ ᠡ︕ ᠠᠮᠵᠢᠯᠲᠠ ᠬᠢᠯᠪᠠᠷ ᠪᠤᠰᠤ ᠪᠠᠷ ᠢᠷᠡᠭᠰᠡᠨ ᠶᠤᠮ᠂ ᠲᠡᠮᠡᠴᠡᠯ ᠨᠢ ᠬᠠᠲᠠᠭᠤ ᠪᠡᠷᠬᠡᠰᠢᠶᠡᠯ ᠢᠶᠠᠷ ᠳᠦᠭᠦᠷᠴᠡᠶ᠃ ᠠᠶᠠᠨ ᠵᠠᠮ ᠢᠶᠠᠨ ᠡᠷᠭᠢᠴᠡᠭᠦᠯᠪᠡᠯ᠂ ᠪᠢᠳᠡ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠷ ᠢᠶᠠᠨ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠬᠠᠷᠢᠭᠤᠴᠠᠯᠭ᠎ᠠ ᠪᠣᠯᠤᠨ ᠡᠭᠦᠷᠭᠡᠯᠡᠯ ᠢᠶᠠᠷ ᠡᠯ᠎ᠡ ᠵᠦᠢᠯ ᠤᠨ ᠠᠷᠠᠳ ᠤᠨ ᠲᠥᠯᠥᠭᠡ ᠠᠮᠠᠯᠳᠠᠭᠰᠠᠨ ᠠᠮᠠᠯᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠪᠡ᠃ ᠬᠤᠭᠤᠴᠠᠭ᠎ᠠ ᠰᠣᠯᠢᠭᠰᠠᠨ ᠠᠴᠠ ᠨᠠᠰᠢ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠠᠷᠭ᠎ᠠ ᠪᠦᠬᠦᠨ ᠢ ᠰᠦᠪᠡᠭᠴᠢᠯᠡᠨ ᠪᠠᠯᠠ ᠮᠥᠩᠭᠦ ᠴᠤᠭᠯᠠᠭᠤᠯᠤᠨ ᠥᠷᠢ ᠥᠭᠴᠡᠭᠡ ᠶᠢ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠵᠡᠷᠭᠡ ᠳᠡᠰ ᠢ ︽ᠰᠢᠷ᠎ᠠ︾ ᠠᠴᠠ ︽ᠨᠣᠭᠤᠭᠠᠨ︾ ᠪᠣᠯᠭᠠᠨ ᠬᠤᠪᠢᠷᠠᠭᠤᠯᠪᠠ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ  ᠦᠢᠯᠡᠰ ᠢᠶᠠᠷ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠬᠤ ᠰᠢᠨ᠎ᠡ ᠵᠠᠮ ᠢ ᠨᠡᠭᠡᠭᠡᠪᠡ︔ ︽ᠬᠦᠢᠲᠡᠨ︾ ᠡᠬᠢ ᠪᠠᠶᠠᠯᠢᠭ ᠤᠨ ᠳᠠᠪᠠᠭᠤᠯᠢᠭ ᠢ ᠪᠥᠬᠦ ᠬᠦᠴᠦᠨ ᠢᠶᠠᠷ ᠢᠶᠠᠨ ᠭᠦᠨ ᠠᠭᠤᠳᠠᠯᠵᠤ᠂ ᠠᠵᠤ ᠦᠢᠯᠡᠳᠪᠦᠷᠢ ᠶᠢᠨ ᠦᠢᠯᠡᠳᠭᠦᠨ ᠤ ᠬᠦᠢᠲᠡᠨ ᠳᠤ ᠳᠠᠭᠠᠭᠠᠮᠠᠭᠠᠶ ᠴᠢᠨᠠᠷ ᠤᠨ ᠰᠢᠯᠭᠠᠯᠲᠠ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ ᠡᠪᠦᠯ ᠤᠨ ᠤᠯᠠᠷᠢᠯ ᠠᠴᠠ ᠪᠥᠬᠦ ᠤᠯᠠᠷᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠭᠡᠭᠡᠨ ᠭᠤᠤᠯ ᠨᠢ ᠬᠥᠯᠥᠨ ᠪᠤᠶᠢᠷ ᠬᠤᠲᠠ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠳᠤ ᠨᠡᠷ᠎ᠡ ᠠᠯᠳᠠᠷ ᠲᠠᠢ ᠪᠤᠯᠵᠦ᠂ ᠳᠡᠭᠡᠳᠦ ᠱᠠᠲᠤᠨ ᠤ ᠭᠦᠢᠴᠡᠳ ᠨᠤᠲᠠᠯᠠᠯᠲᠠ ᠪᠠ ᠣᠯᠠᠨ ᠲᠦᠮᠡᠨ ᠤ ᠳᠡᠭᠡᠳᠦ ᠬᠡᠮᠵᠢᠶᠡᠨ ᠤ ᠬᠦᠷᠢᠶᠡᠯᠡᠯ ᠢ ᠣᠯᠵᠠᠶ᠃ ᠡᠳᠡᠭᠡᠷ ᠠᠮᠵᠢᠯᠲᠠ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠪᠠ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠨᠠᠩ ᠴᠤ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠲᠤ ᠪᠠᠷ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠵᠠᠰᠠᠭ ᠣᠨ ᠣᠷᠳᠣᠨ ᠤ ᠡᠮᠦᠨ᠎ᠡ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠵᠢᠴᠢ ᠭᠡᠭᠡᠨ ᠭᠤᠣᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ  ᠳᠡᠭᠡᠲᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠠᠮᠢᠳᠤᠷᠠᠵᠤ ᠴᠢᠳᠠᠨ᠎ᠠ᠂ ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠨᠤᠲᠠᠯᠠᠬᠤ ᠶᠢᠨ ᠳᠠᠭᠠᠤ ᠪᠢᠳᠡ ᠪᠠᠰᠠ ᠪᠦᠬᠦ ᠬᠤᠲᠠ ᠶᠢᠨ ᠠᠵᠤ ᠠᠬᠤᠢ ᠨᠡᠢᠭᠡᠮ ᠤᠨ ᠬᠥᠭᠵᠢᠯᠲᠡ ᠳᠤ ᠵᠤᠬᠢᠬᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠢᠬᠤ ᠶᠢ ᠰᠡᠷᠭᠡᠭ ᠢᠶᠠᠷ ᠲᠠᠨᠢᠵᠤ ᠣᠯᠪᠠ᠂ ᠨᠢᠭᠡ ᠳᠤ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠪᠠᠲᠤ ᠪᠠᠬᠢ ᠪᠢᠰᠢ᠂ ᠤᠯᠠᠮᠵᠢᠯᠠᠯᠲᠤ ᠠᠵᠤ ᠦᠢᠯᠡᠰ ᠤᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠰᠠᠶ᠋ᠢ ᠡᠬᠢᠯᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠳᠣᠪᠦ᠋ᠮ᠎ᠠ ᠪᠠᠢᠨ᠎ᠠ︔ ᠬᠤᠶᠠᠷ ᠲᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ᠂ ᠠᠷᠠᠳ ᠤᠨ ᠠᠮᠢᠳᠤᠷᠠᠯ ᠤᠨ ᠬᠡᠷᠡᠭᠴᠡᠭᠡ  ᠬᠢᠭᠡᠳ ᠱᠠᠭᠠᠷᠳᠠᠯᠭ᠎ᠠ ᠠᠴᠠ ᠪᠠᠰᠠ  ᠵᠦᠷᠢᠶ᠎ᠠ ᠲᠠᠢ ᠪᠠᠶᠢᠨ᠎ᠠ︔ ᠭᠤᠷᠪᠠ ᠳᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠢ᠂ ᠵᠠᠰᠠᠭ ᠤᠨ ᠣᠷᠳᠣᠨ ᠤ ᠰᠢᠰᠲ᠋ᠧᠮ ᠤᠨ ᠵᠠᠷᠢᠮ ᠺᠠᠳ᠋ᠷ ᠤᠨ ᠭᠠᠪᠰᠢᠭᠠᠶᠢᠯᠠᠬᠤ ᠵᠣᠷᠢᠭ ᠨᠢ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠨᠢ ᠬᠦᠷᠦᠯᠴᠡᠬᠦ ᠦᠭᠡᠢ᠂ ᠦᠵᠡᠯ ᠰᠠᠨᠠᠭ᠎ᠠ ᠣᠶᠢᠯᠠᠭᠠᠭᠳᠠᠬᠤᠨ ᠨᠢ ᠬᠥᠰᠢᠭᠦᠷᠡᠵᠦ ᠬᠡᠪᠰᠢᠮᠡᠯ ᠪᠠᠶᠢᠬᠤ ᠵᠡᠷᠭᠡ ᠠᠰᠠᠭᠤᠳᠠᠯ ᠨᠡᠩ ᠲᠤᠪᠤᠶᠢᠮ᠎ᠠ ᠪᠠᠶᠢᠨ᠎ᠠ᠃ ᠡᠭᠦᠨ ᠳᠤ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠰᠢᠢᠳᠪᠦᠷᠢᠯᠡᠬᠦ ᠬᠡᠷᠡᠭᠲᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ