2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2025/3/17
    ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠲᠥᠯᠥᠭᠡᠯᠡᠭᠴᠢᠳ ᠡ᠂ ᠬᠤᠲᠠ ᠶᠢᠨ ᠵᠠᠰᠠᠭ ᠤᠨ ᠣᠷᠳᠣᠨ ᠨᠢ ᠲᠣᠭᠲᠠᠴᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃    ︵ᠨᠢᠭᠡ︶ ᠨᠠᠮ ᠤᠨ ᠤᠳᠤᠷᠢᠳᠤᠯᠭ᠎ᠠ ᠶᠢ ᠢᠮᠠᠭᠲᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠵᠦᠢᠯ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠦ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠎ᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠢᠳᠠᠪᠤᠷᠢᠵᠢᠭᠤᠯᠬᠤ ᠶᠢ ᠪᠦᠬᠦ ᠬᠦᠴᠦ ᠪᠠᠷ ᠠᠬᠢᠭᠤᠯᠵᠤ᠂ ᠵᠠᠰᠠᠭ ᠤᠨ ᠣᠷᠳᠣᠨ ᠤ ︽ᠬᠡᠷᠡᠭᠵᠢᠭᠦᠯᠦᠨ ᠨᠠᠶᠢᠳᠠᠪᠤᠷᠢᠵᠢᠭᠤᠯᠬᠤ︾ ᠬᠦᠴᠦᠯᠡᠴᠡ ᠪᠠᠷ ᠬᠤᠲᠠ ᠶᠢᠨ ᠨᠠᠮ ᠤᠨ ᠬᠤᠷᠢᠶ᠎ᠠ ᠶᠢᠨ ︽ᠵᠢᠷᠤᠭ ᠲᠥᠰᠦᠪ︾ ᠤᠨ ᠬᠤᠷᠳᠤᠴᠠ ᠶᠢ ᠰᠣᠯᠢᠨ᠎ᠠ᠃    ︵ᠬᠤᠶᠠᠷ︶ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠶᠠᠪᠤᠳᠠᠯ ᠪᠦᠲᠦᠭᠡᠬᠦ ᠠᠷᠭ᠎ᠠ ᠵᠠᠮ ᠪᠣᠯᠭᠠᠨ᠎ᠠ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠠᠶᠢᠨ ᠰᠠᠶᠢᠬᠠᠨ ᠵᠠᠰᠠᠭ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠂ ᠳᠡᠭᠡᠲᠦ ᠱᠠᠲᠤᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠨ᠎ᠠ᠃ ᠥᠭᠡᠷᠡᠴᠢᠯᠡᠯᠲᠡ ᠪᠠᠷ ᠰᠢᠪᠲᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠭᠠᠷᠭᠠᠬᠤ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃    ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠭᠦᠢᠴᠡᠳᠬᠡᠬᠦ ᠬᠥᠲᠥᠯᠪᠦᠷᠢ ᠪᠣᠯᠭᠠᠬᠤ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ  ᠪᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠲᠠᠢ ᠬᠠᠮᠲᠤᠷᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠨᠠᠭᠤᠯᠭ᠎ᠠ ᠳᠤᠷᠠᠳᠤᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ︽ᠬᠦᠰᠡᠵᠦ ᠪᠠᠶᠢᠭ᠎ᠠ ᠶᠠᠪᠤᠳᠠᠯ︾ ᠢ ᠦᠨᠡᠨᠬᠦ ᠵᠠᠰᠠᠭ ᠤᠨ ᠣᠷᠳᠣᠨ ᠤ ︽ᠬᠢᠬᠦ ᠶᠠᠪᠤᠳᠠᠯ︾ ᠪᠣᠯᠭᠠᠬᠤ ᠬᠡᠷᠡᠭᠲᠡᠶ᠃    ︵ᠳᠥᠷᠪᠡ︶ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠵᠠᠰᠠᠭ ᠪᠠᠷᠢᠬᠤ ᠶᠣᠰᠣ ᠮᠣᠷᠠᠯ ᠪᠣᠯᠭᠠᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠰᠡᠷᠭᠡᠶᠢᠯᠡᠨ ᠵᠠᠰᠠᠵᠤ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾ ᠢᠶᠠᠷ ᠣᠯᠠᠨ ᠲᠦᠮᠡᠨ ᠤ ︽ᠰᠠᠶᠢᠨ ᠠᠮᠢᠳᠤᠷᠠᠯ︾ ᠢ  ᠰᠤᠯᠢᠨ᠎ᠠ᠃    ᠲᠥᠯᠥᠭᠡᠯᠡᠭᠴᠢᠳ ᠡ︕ ᠬᠥᠭᠵᠢᠯᠲᠡ ᠶᠢᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠠ ᠲᠣᠬᠢᠶᠠᠯ ᠢ ᠠᠮᠵᠢᠵᠤ᠂ ᠪᠣᠳᠠᠲᠠᠢ ᠶᠢ ᠡᠷᠬᠢᠮᠯᠡᠨ ᠪᠠᠲᠤᠲᠠᠢ ᠦᠢᠯᠡᠳᠦᠯᠭᠡᠵᠢᠭᠦᠯᠵᠦ᠂ ᠭᠡᠭᠡᠨ ᠭᠤᠣᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ