ᠬᠤᠯᠢᠫᠥ᠋ ᠵᠡᠭᠡᠯᠢ ᠭᠤᠳᠤᠮᠵᠢ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠤᠯᠢᠫᠥ᠋ ᠵᠡᠭᠡᠯᠢ ᠭᠤᠳᠤᠮᠵᠢ ᠶᠢᠨ ᠶᠸᠦ ᠢ ᠨᠡᠶᠢᠭᠡᠮ ᠲᠣᠭᠤᠷᠢᠭ ︽ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠨ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶ᠎ᠠ ᠣᠷᠣᠨ ᠤ ᠪᠠᠨ ᠲᠡᠮᠦᠷ ᠵᠠᠮ ᠳᠠᠭᠠᠤ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠰᠠᠭᠤᠭᠠᠯᠢ ᠠᠷᠠᠳ ᠲᠤ ᠲᠡᠮᠦᠷ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠡᠮᠦᠷ ᠵᠠᠮ ᠤᠨ ᠠᠮᠤᠷ ᠲᠦᠪᠰᠢᠨ ᠤ ᠠᠰᠠᠭᠤᠳᠠᠯ ᠲᠤᠯᠭᠠᠷᠠᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠲᠡᠮᠦᠷ ᠵᠠᠮ ᠳᠡᠭᠡᠷ᠎ᠡ ᠳᠤᠷ᠎ᠠ ᠪᠠᠷ ᠢᠶᠠᠨ ᠶᠠᠪᠤᠵᠤ ᠪᠣᠯᠬᠤ ᠦᠭᠡᠢ᠂ ᠲᠡᠮᠦᠷ ᠵᠠᠮ ᠤᠨ ᠲᠥᠬᠦᠭᠡᠷᠦᠮᠵᠢ ᠶᠢ ᠡᠪᠳᠡᠵᠦ ᠪᠣᠯᠬᠤ ᠦᠭᠡᠢ᠂ ᠲᠡᠮᠦᠷ ᠵᠠᠮ ᠤᠨ ᠠᠮᠤᠷ ᠲᠦᠪᠰᠢᠨ ᠤ ᠣᠷᠣᠨ ᠳᠤ ᠬᠤᠭ ᠨᠣᠪᠰᠢ ᠣᠪᠣᠭᠠᠯᠠᠵᠤ ᠪᠣᠯᠬᠤ ᠦᠭᠡᠢ ᠵᠡᠷᠭᠡ ᠭᠤᠣᠯᠳᠠᠯᠭ᠎ᠠ ᠲᠠᠢ ᠮᠡᠳᠡᠯᠭᠡ ᠶᠢ ᠴᠢᠬᠤᠯᠠᠴᠢᠯᠠᠵᠤ᠂ ᠤᠯᠠᠨ ᠲᠦᠮᠡᠨ ᠢ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠰᠠᠨᠠᠭᠠᠴᠢᠯᠠᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠬᠠᠤᠯᠢ ᠰᠠᠬᠢᠯᠭ᠎ᠠ ᠶᠢ ᠵᠢᠷᠤᠮᠯᠠᠬᠤ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠵᠠᠯᠭᠠᠭᠠᠳ᠂ ᠬᠤᠯᠢᠫᠥ᠋ ᠵᠡᠭᠡᠯᠢ ᠭᠤᠳᠤᠮᠵᠢ ᠶᠢᠨ ᠶᠸᠦ ᠢ ᠨᠡᠶᠢᠭᠡᠮ ᠲᠣᠭᠤᠷᠢᠭ ᠵᠠᠮ ᠢᠶᠠᠨ ᠬᠠᠶᠢᠷᠠᠯᠠᠵᠤ ᠵᠠᠮ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠥᠮᠦᠨ ᠪᠦᠬᠦᠨ ᠲᠡᠮᠦᠷ ᠵᠠᠮ ᠢ ᠬᠠᠮᠠᠭᠠᠯᠠᠬᠤ ᠠᠵᠢᠯ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ