ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠬᠦᠷᠢᠶᠡᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠢ ᠵᠢᠷᠤᠮᠵᠢᠭᠤᠯᠵᠦ᠂ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ | ᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠢ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠼᠤᠤ ᠴᠢᠩ ᠴᠦᠨ ᠡᠷᠭᠢᠯᠡᠵᠦ᠂ ᠬᠤᠪᠢᠳᠠᠨ ᠬᠠᠮᠢᠶᠠᠷᠴᠤ | ᠪᠥᠬᠦᠶ ᠲᠣᠪᠴᠢᠶᠠᠨ ᠳᠠᠷᠤᠭ᠎ᠠ᠂ ᠭᠡᠭᠡᠨ ᠭᠤᠤᠯ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ | ᠣᠷᠣᠯᠴᠠᠵᠠᠶ᠃ | ᠬᠤᠷᠠᠯ ᠳᠡᠭᠡᠷ᠎ᠡ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠥᠬᠦᠶ ᠠᠵᠢᠯᠲᠠᠳ ᠴᠡᠭᠴᠡᠯᠡᠨ ᠰᠠᠶᠢᠵᠢᠷᠠᠭᠤᠯᠤᠭᠰᠠᠨ ᠠᠬᠢᠴᠠ᠂ ᠬᠡᠷᠡᠭᠯᠡᠭᠰᠡᠨ ᠠᠷᠭ᠎ᠠ | ᠬᠡᠮᠵᠢᠶ᠎ᠡ ᠵᠢᠴᠢ ᠲᠤᠯᠭᠠᠷᠠᠭᠰᠠᠨ ᠬᠦᠴᠢᠷᠳᠡᠯ ᠢᠶᠠᠨ ᠬᠠᠷᠢᠭᠤ ᠮᠡᠳᠡᠭᠦᠯᠪᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠼᠤᠤ ᠴᠢᠩ ᠴᠦᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠲᠠᠷᠠᠭᠠᠴᠢ ᠶᠢᠨ ᠱᠠᠲᠤᠨ ᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠄ | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠲᠡᠭᠦᠨ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ | ᠪᠣᠯᠭᠠᠬᠤ ᠬᠡᠷᠡᠭᠲᠡᠶ︔ ᠬᠤᠶᠠᠷ ᠲᠤ᠂ ᠬᠠᠷᠢᠭᠤᠴᠠᠯᠭᠠᠲᠤ ᠨᠢᠭᠡᠴᠢ ᠶᠢᠨ ᠬᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠲᠥᠰᠦᠯ ᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠣᠶ ᠪᠥᠬᠦᠶ ᠠᠰᠠᠭᠤᠳᠠᠯ ᠢ ᠴᠠᠭ | ᠲᠤᠬᠠᠶ ᠳᠤᠨᠢ ᠬᠦᠴᠦᠨ ᠥᠬᠡᠶ ᠪᠣᠯᠭᠠᠬᠤ ᠶᠢ ᠪᠠᠲᠤᠯᠠᠬᠤ ᠬᠡᠷᠡᠭᠲᠡᠶ︔ ᠭᠤᠷᠪᠠ ᠳᠤ᠂ ᠬᠠᠮᠵᠢᠯᠴᠠᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠠᠨ ᠨᠢᠭᠡᠴᠢ ᠳᠤ ᠬᠤᠯᠪᠣᠭᠳᠠᠭᠰᠠᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠬᠠᠮᠲᠤ ᠪᠠᠷ | ᠠᠬᠢᠭᠤᠯᠬᠤ ᠬᠡᠷᠡᠭᠲᠡᠶ᠃ | ᠲᠣᠰ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠰ ᠤᠳᠠᠭᠠᠨ ᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠪᠡ᠃ ᠬᠤᠶᠢᠰᠢᠳᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠨ᠎ᠠ᠃ |