ᠮᠠᠨᠬᠥ᠋ᠢ ᠪᠠᠯᠭᠠᠰᠤ᠄ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2025/3/27
   ᠭᠡᠭᠡᠨ ᠭᠤᠣᠯ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠭᠤᠴᠠᠭᠠᠨ ᠤ ᠬᠤᠷᠠᠯ ᠪᠣᠯᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠭᠡᠭᠡᠨ ᠭᠤᠣᠯ ᠬᠤᠳᠠ ᠶᠢᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠬᠤᠷᠠᠯ ᠠᠮᠵᠢᠯᠲᠠ ᠲᠠᠢ ᠲᠡᠭᠦᠰᠴᠦ᠂ ᠪᠦᠬᠦ ᠬᠤᠳᠠ ᠪᠠᠷ ᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠥᠭᠡᠯᠡᠵᠦ ᠂ ᠡᠷᠡᠯᠬᠡᠭᠯᠡᠨ ᠲᠡᠮᠡᠴᠡᠵᠦ᠂ ᠢᠳᠡᠪᠬᠢᠲᠠᠢ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠡᠭᠡᠨ ᠭᠤᠣᠯ ᠢ ᠲᠦᠷᠭᠡᠨ ᠪᠠᠶᠢᠭᠤᠯᠵᠤ᠂ ᠴᠤ᠋ ᠰᠢᠨ᠎ᠡ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠡᠭᠡᠨ ᠭᠤᠣᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠮᠠᠨᠬᠥ᠋ᠢ ᠪᠠᠯᠭᠠᠰᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠠᠯᠲᠠ ᠡᠭᠦᠷᠭᠡ ᠪᠠᠨ ᠡᠷᠡᠰ  ᠨᠠᠶᠢᠳᠠᠪᠤᠷᠢᠵᠢᠭᠤᠯᠵᠤ ᠪᠡᠶᠡᠯᠡᠭᠦᠯᠦᠨ᠎ᠡ᠃ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠴᠢᠩᠭ᠎ᠠ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠲᠣᠰ ᠪᠡᠶ᠎ᠡ ᠶᠢᠨ ᠬᠡᠪ ᠴᠢᠨᠠᠷ ᠢ ᠢᠳᠡᠪᠬᠢᠲᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠥᠲᠡᠯᠦᠭᠡ ᠨᠠᠰᠤᠨ ᠤ ᠰᠠᠶᠢᠨ ᠰᠠᠶᠢᠬᠠᠨ ᠢ ᠬᠠᠮᠠᠭᠠᠯᠠᠬᠤ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠠᠵᠤ ᠦᠢᠯᠡᠰ ᠤᠨ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠷᠭᠡᠨ ᠳᠡᠭᠡᠭᠰᠢᠯᠡᠭᠦᠯᠵᠦ᠂ ᠨᠡᠷᠡᠲᠦ ᠲᠡᠮᠲᠡᠭ ᠤᠨ ᠨᠦᠯᠦᠭᠡᠯᠡᠬᠦ ᠬᠦᠴᠦᠨ ᠢ ᠦᠷᠭᠡᠳᠭᠡᠨ᠎ᠡ᠃ ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠨᠢᠭᠡ ᠪᠦᠯᠦᠭ ᠰᠠᠭᠤᠭᠠᠯᠢ ᠠᠷᠠᠳ ᠲᠤ ᠲᠦᠭᠡᠮᠡᠯ ᠠᠰᠢᠭ ᠬᠦᠷᠲᠡᠬᠦ᠂ ᠲᠦᠷᠦᠭᠳᠡᠵᠦ ᠪᠣᠯᠬᠤᠶᠢᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠢᠳᠡᠪᠬᠢᠲᠡᠢ ᠬᠡᠷᠡᠭᠵᠢᠭᠦᠯᠦᠨ᠎ᠡ᠃    ᠮᠠᠨᠬᠥ᠋ᠢ ᠪᠠᠯᠭᠠᠰᠤ ᠶᠢᠨ ᠬᠢᠨ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠭᠡᠭᠡᠨ ᠭᠤᠣᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ