ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠠᠢ ᠶᠠᠪᠤᠳᠠᠯ ᠬᠢᠵᠦ ᠬᠠᠮᠲᠤᠪᠠᠷ ᠵᠥᠪᠳᠡᠯᠴᠡᠵᠦ ᠬᠥᠭᠵᠢᠯᠲᠡ ᠶᠢ ᠬᠠᠮᠲᠤᠪᠠᠷ ᠵᠥᠪᠯᠡᠬᠦ︾ ᠣᠷᠣᠨ ᠨᠤᠲᠤᠭ ‍ᠤᠨ‌ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
    ᠣᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠤᠩ ᠴᠢ ᠨᠡᠢᠭᠡᠮ ᠲᠣᠭᠤᠷᠢᠭ ᠤᠨ ᠨᠠᠮ ᠤᠨ ᠪᠠᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠭᠠᠨ ᠰᠠᠢᠵᠢᠷᠠᠭᠤᠯᠵᠤ᠂ ᠡᠯ᠎ᠡ ᠠᠵᠤ ᠠᠬᠤᠢᠯᠠᠯ ᠠᠵᠢᠯ ᠦᠢᠯᠡᠰ ᠤᠨ ᠨᠢᠭᠡᠴᠢ ᠶᠢᠨ ᠵᠡᠭᠡᠯᠢ ᠭᠤᠳᠤᠮᠵᠢ ᠨᠡᠢᠭᠡᠮ ᠲᠣᠭᠤᠷᠢᠭ ᠤᠨ ᠪᠦᠲᠦᠭᠡᠨ ᠪᠠᠢᠭᠤᠯᠤᠯᠲᠠ ᠶᠢ ᠳᠡᠮᠵᠢᠬᠦ ᠪᠠ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠦᠯᠦᠭᠡ᠂ ᠲᠦᠷᠦᠭᠦᠬᠡᠨ᠂ ᠣᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠣᠳᠠᠲᠠᠢ ᠠᠵᠢᠯ ᠬᠢᠵᠦ ᠬᠠᠮᠲᠤ ᠪᠠᠷ ᠵᠥᠪᠳᠡᠯᠴᠡᠵᠦ ᠬᠥᠭᠵᠢᠯᠲᠡ ᠶᠢ ᠬᠠᠮᠲᠤᠪᠠᠷ ᠵᠥᠪᠯᠡᠬᠦ︾ ᠣᠷᠣᠨ ᠨᠤᠲᠤᠭ ᠤᠨ ᠠᠵᠤ ᠠᠬᠤᠢᠯᠠᠯ ᠤᠨ ᠨᠠᠮ ᠤᠨ ᠪᠠᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠬᠤᠩ ᠴᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠩ ᠴᠢ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ ᠪᠣᠯᠤᠨ ᠤᠢᠢᠷ᠎ᠠ ᠶᠢᠨ ᠵᠢᠯ ᠤᠨ ᠲᠤᠷᠰᠢᠬᠢ ᠬᠤᠩ ᠴᠢ ᠨᠡᠶᠢᠭᠡᠮ ᠲᠣᠭᠤᠷᠢᠭ ᠪᠣᠯᠤᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠲᠤ ᠪᠠᠷ ᠥᠷᠨᠢᠭᠦᠯᠦᠭᠰᠡᠨ ᠡᠯ᠎ᠡ ᠲᠦᠷᠦᠯ ᠤᠨ ᠠᠵᠢᠯᠯᠠᠭ᠎ᠠ ᠶᠢ ᠲᠠᠨᠢᠯᠴᠠᠭᠤᠯᠤᠭᠰᠠᠨ ᠪᠥᠭᠡᠳ ᠡᠯ᠎ᠡ ᠨᠢᠭᠡᠴᠢ ᠶᠢᠨ ᠡᠯ᠎ᠡ ᠵᠦᠢᠯ ᠤᠨ ᠠᠵᠢᠯ ᠳᠤ ᠦᠵᠡᠭᠦᠯᠦᠭᠰᠡᠨ ᠬᠤᠪᠢ ᠨᠡᠮᠡᠷᠢ ᠪᠣᠯᠤᠨ ᠳᠡᠮᠵᠢᠯᠭᠡ ᠶᠢ ᠨᠤᠲᠠᠯᠠᠵᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠣᠯᠠᠨ ᠳᠤ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠶᠢᠷ᠎ᠠ ᠶᠢᠨ ᠵᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠬᠠᠷᠢᠭᠤ  ᠮᠡᠳᠡᠭᠦᠯᠦᠯᠲᠡ ᠬᠢᠪᠡ᠃    ᠬᠤᠷᠠᠯ ᠠᠴᠠ᠂ ︽ᠬᠠᠮᠲᠤᠪᠠᠷ ᠪᠠᠶᠢᠭᠤᠯᠬᠤ ᠪᠣᠯ ᠠᠷᠭ᠎ᠠ ᠪᠠᠷᠢᠯ᠂ ᠦᠢᠯᠡᠴᠢᠯᠡᠭᠡ ᠪᠣᠯ ᠵᠣᠷᠢᠯᠭ᠎ᠠ︾ ᠶᠤᠮ᠂ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠷᠭᠦᠯᠵᠢᠯᠡᠨ ᠡᠯ᠎ᠡ ᠨᠢᠭᠡᠴᠢ ᠲᠠᠢ ᠨᠢᠭᠲᠠ ᠬᠠᠮᠲᠤᠷᠠᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠰᠠᠶᠢᠳᠤᠷ ᠪᠠᠲᠤᠯᠠᠵᠦ᠂ ᠦᠨᠳᠦᠰᠦᠨ ᠱᠠᠲᠤᠨ ᠤ ᠵᠠᠰᠠᠯᠲᠠ ᠶᠢ ᠨᠡᠩ ᠡᠮᠬᠢ ᠵᠢᠷᠤᠮ ᠲᠠᠢ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠡᠩ ᠪᠦᠲᠦᠮᠵᠢᠲᠡᠢ ᠪᠣᠯᠭᠠᠨ᠎ᠠ ᠭᠡᠵᠦ ᠴᠢᠬᠤᠯᠠᠴᠢᠯᠠᠪᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ