ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠨ ᠴᠤᠸᠠᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠤᠬᠠᠶᠢᠯᠠᠭᠰᠠᠨ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/3/6
    2 ᠰᠠᠷ᠎ᠠ ᠶᠢᠨ 11 ᠤ ᠡᠳᠦᠷ᠂ ᠬᠤᠲᠠ ᠶᠢᠨ ᠳᠡᠳ᠋ ᠳᠠᠷᠤᠭ᠎ᠠ ᠸᠧᠨ ᠴᠤᠸᠠᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠤ᠂ ᠤᠷᠢᠳ ᠬᠤᠵᠢᠳ ᠬᠤᠲᠠ ᠶᠢᠨ ᠤᠷᠤᠭ ᠤᠨ ᠪᠦᠷᠢᠳᠬᠡᠯ ᠤᠨ ᠦᠢᠯᠡᠴᠢᠯᠡᠭᠡᠨ ᠤ ᠲᠥᠪ᠂ ᠬᠤᠲᠠ ᠶᠢᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠵᠡᠷᠭᠡ ᠳᠤ ᠬᠦᠷᠴᠦ᠂ ᠠᠷᠠᠳ ᠤᠨ ᠶᠠᠪᠤᠳᠠᠯ ᠤᠨ ᠡᠯ᠎ᠡ ᠰᠠᠯᠠᠭ᠎ᠠ ᠮᠥᠴᠢᠷ ᠤᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠤᠳᠤᠷᠢᠳᠬᠤ ᠪᠠᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠶᠠᠨ ᠿᠤᠩ2024 ᠣᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ 2025 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠳᠡᠳ᠋ ᠬᠤᠲᠠ ᠶᠢᠨ ᠳᠠᠷᠤᠭ᠎ᠠ ᠸᠧᠨ ᠴᠤᠸᠠᠩ ᠡᠩ ᠲᠡᠷᠢᠭᠦᠨ ᠳᠤ ᠠᠷᠠᠳ ᠤᠨ ᠶᠠᠪᠤᠳᠠᠯ ᠤᠨ ᠲᠣᠪᠴᠢᠶᠠᠨ ᠤ ᠠᠵᠢᠯ ᠢ ᠨᠤᠲᠠᠯᠠᠪᠠ᠃ ᠲᠡᠷᠡ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ ᠪᠠᠶᠢᠳᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯ ᠴᠢᠬᠤᠯᠠ ᠠᠷᠠᠳ ᠤᠨ ᠠᠮᠢᠳᠤᠷᠠᠯ ᠤᠨ ᠰᠠᠯᠠᠭ᠎ᠠ ᠮᠥᠴᠢᠷ ᠮᠥᠨ᠂ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠨᠢᠭᠡ ᠳᠤ᠂ ᠠᠷᠠᠳ ᠤᠨ ᠲᠥᠯᠥᠭᠡ ᠵᠢᠳᠬᠦᠬᠦ ᠨᠡᠩ ᠭᠦᠨᠵᠡᠭᠡᠢ ᠬᠠᠶᠢᠷ᠎ᠠ ᠰᠡᠳᠬᠢᠯᠭᠡ ᠪᠠᠷ ᠠᠷᠠᠳ ᠤᠨ ᠶᠠᠪᠤᠳᠠᠯ ᠤᠨ ᠦᠢᠯᠡᠰ ᠢ ᠲᠥᠯᠥᠪᠵᠢᠭᠦᠯᠵᠦ᠂ ᠡᠨᠡ ᠵᠢᠯ ᠤᠨ ᠠᠷᠠᠳ ᠤᠨ ᠶᠠᠪᠤᠳᠠᠯ ᠤᠨ ᠠᠵᠢᠯ ᠤᠨ ᠶᠡᠷᠦᠩᠬᠡᠢ ᠴᠢᠭᠯᠡᠯ᠂ ᠭᠤᠣᠯ ᠡᠭᠦᠷᠭᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠬᠤᠶᠠᠷ ᠲᠤ᠂ ᠨᠡᠩ ᠪᠣᠳᠠᠲᠠᠢ ᠠᠵᠢᠯ ᠤᠨ ᠰᠤᠷᠲᠠᠯ ᠢᠶᠠᠷ ᠠᠷᠠᠳ ᠤᠨ ᠶᠠᠪᠤᠳᠠᠯ ᠤᠨ ᠪᠠᠶᠢᠷᠢ ᠲᠣᠭᠲᠠᠭᠠᠯᠲᠠ ᠶᠢ ᠢᠯᠡᠷᠡᠭᠦᠯᠵᠦ᠂ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠯᠠᠪᠳᠠᠭᠤᠨ ᠪᠠᠲᠤᠲᠠᠢ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠬᠤ ᠬᠡᠷᠡᠭᠲᠡᠢ᠃ ᠭᠤᠷᠪᠠ ᠳᠤ᠂ ᠰᠢᠨᠡᠳᠬᠡᠬᠦ ᠣᠶᠢᠯᠠᠭᠠᠭᠳᠠᠬᠤᠨ ᠤ ᠠᠷᠭ᠎ᠠ ᠬᠡᠮᠵᠢᠶ᠎ᠡ ᠪᠠᠷ ᠠᠷᠠᠳ ᠤᠨ ᠶᠠᠪᠤᠳᠠᠯ ᠤᠨ ᠠᠵᠢᠯ ᠢ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠤᠨ ᠠᠰᠠᠷᠠᠮᠵᠢ᠂ ᠣᠷᠤᠭ ᠳᠠᠩᠰᠠᠯᠠᠬᠤ᠂ ᠣᠷᠣᠰᠢᠭᠤᠯᠭ᠎ᠠ ᠶᠢᠨ ᠦᠢᠯᠡᠴᠢᠯᠡᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠨ ᠬᠤᠪᠢᠶᠠᠷᠢᠯᠠᠭᠰᠠᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠳᠦᠷᠪᠡ ᠳᠤ᠂ ᠨᠡᠩ ᠴᠢᠩᠭ᠎ᠠ ᠠᠵᠢᠯ ᠤᠨ ᠰᠠᠬᠢᠯᠭ᠎ᠠ ᠪᠠᠲᠤ ᠪᠠᠷ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠤᠷᠤᠭᠰᠢᠯᠠᠬᠤ ᠶᠢ ᠠᠬᠢᠭᠤᠯᠵᠤ᠂ ᠪᠦᠬᠦ ᠺᠠᠳ᠋ᠷ ᠠᠵᠢᠯᠳᠠᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠰᠠᠬᠢᠯᠭ᠎ᠠ ᠪᠠᠲᠤ ᠶᠢᠨ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠷᠠᠭᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠰᠬᠠᠢ ᠠᠵᠢᠯᠯᠠᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃    ᠲᠠᠷᠠᠭᠠᠴᠢ ᠶᠢᠨ ᠠᠯᠬᠤᠮ ᠳᠤ᠂ ᠭᠡᠭᠡᠨ ᠭᠤᠤᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠦᠵᠡᠯ ᠰᠠᠨᠠᠭ᠎ᠠ ᠪᠠᠨ ᠨᠢᠭᠡᠳᠬᠡᠨ᠂ ᠦᠳᠲᠡᠷ ᠲᠦᠷᠭᠡᠨ ᠬᠥᠳᠡᠯᠦᠯᠴᠡᠵᠦ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠭᠡᠭᠡᠨ ᠭᠤᠤᠯ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠠᠷᠠᠳ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ