ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠬᠡᠷᠡᠭᠯᠡᠬᠦ ᠪᠠᠭᠠᠨ᠎ᠠ ᠶᠢᠨ ᠰᠦᠢᠳᠬᠡᠯ ᠬᠤᠷᠢᠶᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠭᠡᠭᠡᠨ ᠭᠤᠤᠯ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠬᠡᠷᠡᠭᠯᠡᠨ ᠰᠦᠢᠳᠬᠡᠯ ᠬᠤᠷᠢᠶᠠᠬᠤ ᠶᠢ | ᠵᠢᠷᠤᠮᠵᠢᠭᠤᠯᠬᠤ ᠲᠤᠬᠠᠶ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠴᠠᠬᠢᠯᠭᠠᠨ ᠬᠡᠷᠡᠭᠯᠡᠵᠦ ᠰᠦᠢᠳᠬᠡᠯ ᠬᠤᠷᠢᠶᠠᠬᠤ ᠪᠠᠶᠢᠴᠠᠭᠠᠯᠲᠠ ᠶᠢ ᠥᠷᠨᠢᠭᠦᠯᠪᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠳᠠᠯ ᠠᠬᠤᠶ ᠶᠢᠨ ᠨᠡᠪᠲᠡᠷᠡᠯᠴᠡᠭᠡ ᠪᠠᠷ ᠳᠠᠮᠵᠢᠨ᠂ ᠬᠠᠷᠢᠶᠠᠲᠤ | ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠲᠣᠭᠤᠷᠢᠭ ᠤᠨ ᠲᠤᠭ᠎ᠠ ᠬᠡᠮᠵᠢᠶ᠎ᠡ᠂ ᠨᠢᠭᠡᠨᠲᠡ ᠤᠭᠰᠠᠷᠠᠭᠰᠠᠨ ᠴᠠᠬᠢᠯᠭᠠᠨ ᠬᠡᠷᠡᠭᠯᠡᠬᠦ ᠪᠠᠭᠠᠨ᠎ᠠ ᠶᠢᠨ ᠰᠠᠭᠤᠭᠠᠯᠢ | ᠠᠷᠠᠳ ᠤᠨ ᠲᠣᠭᠤᠷᠢᠭ ᠤᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠵᠡᠮᠰᠢᠪᠡ᠃ ᠪᠠᠶᠢᠴᠠᠭᠠᠯᠲᠠ ᠪᠠᠷ ᠳᠠᠮᠵᠢᠨ᠂ | ᠣᠳᠣᠬᠠᠨ ᠳᠤ ᠭᠡᠭᠡᠨ ᠭᠤᠤᠯ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠡᠷᠡᠭᠯᠡᠬᠦ ᠪᠠᠭᠠᠨ᠎ᠠ ᠶᠢᠨ ᠲᠣᠨᠤᠭ ᠲᠥᠬᠦᠭᠡᠷᠦᠮᠵᠢ ᠨᠢ ᠲᠠᠰ | ᠳᠡᠪᠰᠢᠭᠰᠡᠨ ᠥᠬᠡᠶ ᠠᠴᠠ ᠪᠣᠯᠵᠣ ᠠᠰᠢᠭᠯᠠᠯᠲᠠ ᠳᠤ ᠤᠷᠤᠭᠰᠠᠨ ᠥᠬᠡᠶ᠃ ᠪᠠᠶᠢᠴᠠᠭᠠᠬᠤ ᠶᠠᠪᠤᠴᠠ ᠳᠤ᠂ ᠠᠵᠢᠯᠲᠠᠳ ᠵᠢᠵᠢᠭ ᠲᠣᠭᠤᠷᠢᠭ ᠤᠨ ᠠᠳᠠᠯ ᠠᠬᠤᠶ ᠪᠠ | ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠳᠤ᠂ ᠬᠠᠮᠤᠭ ᠤᠨ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ | ᠬᠡᠷᠡᠭᠯᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ | ᠦᠨ᠎ᠡ ᠬᠠᠩᠰᠢ ᠶᠢ ᠢᠯᠡ ᠬᠠᠳᠠᠬᠤ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠠᠶᠢᠯᠪᠤᠷᠢᠯᠠᠵᠤ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠶᠢᠨ ᠬᠠᠤᠯᠢ ᠶᠢ ᠵᠢᠷᠤᠮᠯᠠᠨ ᠡᠵᠡᠩᠨᠡᠬᠦ ᠶᠢ ᠬᠥᠲᠥᠯᠦᠨ ᠵᠢᠯᠣᠭᠤᠳᠴᠤ᠂ | ᠴᠠᠬᠢᠯᠭᠠᠨ ᠬᠡᠷᠡᠭᠯᠡᠬᠦ ᠦᠢᠯᠡᠴᠢᠯᠡᠭᠡᠨ ᠤ ᠦᠨ᠎ᠡ ᠬᠠᠩᠰᠢ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠬᠤᠶᠢᠰᠢᠳᠠ ᠶᠢᠨ ᠡᠵᠡᠩᠨᠡᠯᠲᠡ ᠶᠢᠨ ᠬᠤᠭᠤᠴᠠᠭᠠᠨ ᠳᠤ | ᠡᠷᠬᠡᠪᠰᠢ ︽ᠴᠠᠬᠢᠯᠭᠠᠨ ᠬᠡᠷᠡᠭᠯᠡᠬᠦ ᠴᠠᠬᠢᠯᠭᠠᠨ ᠤ ᠰᠦᠢᠳᠭᠡᠯ ᠪᠠ ᠦᠢᠯᠡᠴᠢᠯᠡᠭᠡᠨ ᠤ ᠵᠠᠷᠤᠳᠠᠯ ᠢ ᠢᠯᠡ ᠪᠤᠯᠭᠠᠵᠦ᠂ ᠰᠠᠯᠭᠠᠵᠦ ᠦᠨ᠎ᠡ ᠪᠤᠳᠤᠬᠤ︾ ᠶᠢ ᠪᠥᠬᠦ | ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠭᠡᠭᠡᠨ ᠭᠤᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠴᠠᠬᠢᠯᠭᠠᠨ ᠬᠡᠷᠡᠭᠯᠡᠬᠦ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ | ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠠᠭᠤᠭᠠᠯᠢ ᠠᠷᠠᠳ ᠤᠨ ᠬᠠᠮᠲᠤᠷᠠᠭᠰᠠᠨ ᠴᠠᠬᠢᠯᠭᠠᠨ ᠤ ᠦᠨ᠎ᠡ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠬᠡᠷᠡᠭᠯᠡᠬᠦ ᠡᠵᠡᠩᠨᠡᠯᠲᠡ ᠶᠢᠨ ᠨᠢᠭᠡᠴᠢ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠪᠠᠶᠢᠴᠠᠭᠠᠯᠲᠠ ᠬᠢᠵᠦ᠂ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠬᠦ ᠥᠬᠡᠶ᠂ ᠲᠣᠭᠲᠠᠭᠠᠯ ᠶᠣᠰᠣᠭᠠᠷ ᠦᠨ᠎ᠡ ᠬᠠᠳᠠᠬᠤ ᠶᠢ ᠬᠡᠷᠡᠭᠵᠢᠭᠦᠯᠬᠦ | ᠥᠬᠡᠶ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ |