ᠤᠯᠭᠤᠶᠠ ᠡᠸᠡᠩᠬᠢ ᠦᠨᠳᠦᠰᠦᠲᠡᠨ ᠤ ᠰᠢᠶᠠᠩ᠄ ᠦᠨᠳᠦᠰᠦᠲᠡᠨ ᠤ ᠪᠦᠯᠬᠦᠮᠳᠡᠯ ︽ᠠᠨᠠᠷ ᠤᠨ ᠴᠡᠴᠡᠭ︾ ᠢ ᠤᠰᠤᠯᠠᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/15
    ᠸᠠᠩ ᠽᠢ ᠵᠢᠶᠠᠨ ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠨᠠᠮ ᠤᠨ ᠬᠤᠷᠢᠶᠠᠨ ᠤ ᠱᠦᠵᠢ᠄ ᠰᠠᠶ᠋ᠢᠬᠠᠨ ᠲᠡᠭᠦᠰᠦᠭᠰᠡᠨ ᠬᠤᠶᠠᠷ ᠬᠤᠷᠠᠯ ᠠᠴᠠ ᠡᠨᠡ ᠵᠢᠯ ᠤᠨ ᠡᠯ᠎ᠡ ᠵᠦᠢᠯ ᠤᠨ ᠠᠵᠢᠯ ᠳᠤ ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠳᠤᠷᠠᠳᠴᠤ᠂ ᠰᠢᠨ᠎ᠡ ᠪᠠᠶᠢᠷᠢᠯᠠᠭᠤᠯᠤᠯᠲᠠ ᠬᠢᠵᠡᠶ᠃ ᠢᠯᠠᠩᠭᠤᠶ᠎ᠠ ᠰᠦᠨ ᠱᠠᠩ ᠭᠦᠸᠧ ᠬᠤᠲᠠ ᠶᠢᠨ ᠳᠠᠷᠤᠭ᠎ᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠤᠰᠤᠳᠴᠢ ᠪᠣᠳᠠᠲᠤ ᠬᠡᠷᠡᠭ᠂ ᠳ᠋ᠦᠩᠨᠡᠯᠲᠡ ᠶᠢ ᠪᠣᠳᠠᠲᠠᠶᠢᠵᠢᠭᠤᠯᠵᠤ ᠂ ᠬᠤᠶᠢᠰᠢᠳᠠ ᠶᠢᠨ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠪᠠ ᠬᠠᠷᠠᠯᠲᠠ ᠶᠢ ᠲᠣᠳᠣᠷᠬᠠᠶ ᠵᠢᠭᠠᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠪᠢᠳᠡ ᠤᠯᠭᠤᠶᠠ ᠰᠢᠶᠠᠩ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠤᠨᠴᠠᠯᠢᠬᠳᠤ ᠠᠵᠤ ᠦᠢᠯᠡᠰ ᠢᠶᠠᠷ ᠬᠥᠳᠡᠭᠡ ᠲᠣᠰᠬᠤᠨ ᠢ ᠬᠦᠴᠦᠷᠬᠡᠭᠵᠢᠭᠦᠯᠬᠦ ᠂ ᠰᠣᠶᠣᠯ ᠵᠤᠭᠠᠴᠠᠯ ᠢᠶᠠᠷ ᠡᠷᠡᠭᠦᠯ ᠮᠡᠨᠳᠦ ᠶᠢ ᠬᠠᠮᠠᠭᠠᠯᠠᠬᠤ ᠨᠡᠷᠡᠳᠦ ᠰᠢᠶᠠᠩ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠢᠶᠠᠩ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠰᠢᠶᠠᠩ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ︽ᠲᠠᠶᠢᠯᠬᠤ ᠰᠡᠳᠬᠢᠬᠦᠶ︾ ᠶᠢ ᠪᠠᠷᠢᠮᠲᠠᠯᠠᠵᠤ᠂ ︽ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠢᠶᠠᠩ ᠤᠨ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠨ᠎ᠡ᠃ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠢᠵᠦ᠂ ᠴᠠ ᠪᠤᠭᠤ ᠶᠢᠨ ᠡᠭᠦᠯᠳᠡᠷ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠠ ᠪᠤᠭᠤ ᠶᠢᠨ ᠡᠭᠦᠯᠳᠡᠷ ᠤᠨ ᠰᠦᠷᠦᠭᠵᠢᠯ ᠤᠨ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠤᠨ᠎ᠠ᠃ ︽ᠤᠷᠤᠬᠤᠶᠠ ᠶᠦᠨ︾ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠬᠢᠭᠡᠳ ᠰᠣᠶᠣᠯ ᠤᠨ ᠡᠭᠦᠳᠦᠯᠲᠡ᠂ ᠡᠬᠢ ᠪᠠᠶᠠᠯᠢᠭ ᠬᠢᠭᠡᠳ ᠠᠵᠤ ᠦᠢᠯᠡᠰ᠂ ᠰᠣᠶᠣᠯ ᠬᠢᠭᠡᠳ ᠵᠤᠭᠠᠴᠠᠯ ᠤᠨ ᠠᠭᠤᠰᠤᠯᠴᠠᠯ ᠢ ᠬᠦᠴᠦᠯᠡᠨ ᠠᠬᠢᠭᠤᠯᠵᠤ᠂ ᠤᠯᠭᠤᠶᠠ ᠦᠵᠡᠮᠵᠢ ᠶᠢᠨ ᠣᠷᠣᠨ ᠤ ᠤᠯᠤᠰ ᠤᠨ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠪᠠᠶᠢᠷᠢᠰᠢᠯ ᠨᠠᠩ ᠶᠡᠭᠡ᠂ ᠪᠣᠳᠠᠲᠤ ᠬᠦᠴᠦᠨ ᠨᠠᠩ ᠴᠢᠩᠭ᠎ᠠ᠂ ᠬᠥᠳᠡᠭᠡ ᠲᠣᠰᠬᠤᠨ ᠨᠠᠩ ᠭᠤᠶᠤ᠂ ᠠᠭᠤᠯᠠ ᠤᠰᠤ ᠨᠠᠩ ᠭᠤᠶᠤ᠂ ᠰᠢᠶᠠᠩ ᠤᠨ ᠠᠷᠠᠳ ᠨᠠᠩ ᠪᠠᠶᠠᠨ ᠪᠣᠯᠬᠤ ᠶᠢ ᠴᠢᠷᠮᠠᠶᠢᠨ ᠪᠡᠶᠡᠯᠡᠭᠦᠯᠵᠦ᠂ ᠭᠡᠭᠡᠨ ᠭᠤᠤᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢᠨ ᠲᠥᠯᠥᠭᠡ ᠤᠯᠭᠤᠶᠠ ᠰᠢᠶᠠᠩ ᠤᠨ ᠡᠭᠦᠷᠭᠡᠯᠡᠯ ᠢ ᠪᠢᠴᠢᠭᠯᠡᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ