ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/4/18
    ᠸᠠᠩ ᠶᠤᠸᠠᠢ ᠰᠢ ᠾᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠄ ᠪᠥᠬᠦ ᠬᠤᠲᠠ ᠶᠢᠨ ᠬᠤᠶᠠᠷ ᠬᠤᠷᠠᠯ ᠳᠡᠭᠡᠷ᠎ᠡ᠂ ᠪᠣᠳᠠᠲᠠᠶ ᠶᠢ ᠡᠷᠬᠢᠮᠯᠡᠭᠰᠡᠨ ᠪᠥᠭᠡᠳ ᠠᠯᠤᠰ ᠬᠡᠲᠦ ᠶᠢᠨ ᠴᠢᠨᠠᠷᠲᠠᠶ ᠮᠠᠰᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠾᠧ ᠳ᠋ᠦᠩ ᠵᠡᠭᠡᠯᠢ ᠭᠤᠳᠤᠮᠵᠢ ᠶᠢᠨ ᠬᠥᠭᠵᠢᠯᠲᠡ ᠳᠤ ᠢᠲᠡᠭᠡᠯ ᠵᠣᠷᠢᠭ ᠢ ᠬᠥᠪᠴᠢᠯᠡᠨ᠂ ᠡᠷᠴᠢ ᠵᠣᠷᠢᠭ ᠢ ᠬᠥᠪᠴᠢᠯᠡᠵᠦ᠂ ᠴᠢᠭᠯᠡᠯ ᠢ ᠲᠣᠳᠣᠷᠬᠠᠶ ᠵᠢᠭᠠᠨ ᠥᠭᠴᠡᠶ᠃ ᠰᠢᠨ᠎ᠡ ᠨᠢᠭᠡ ᠵᠢᠯ ᠢ ᠪᠠᠷᠠᠯᠠᠬᠤᠶ᠎ᠠ᠂ ᠪᠢᠳᠡ ᠲᠡᠮᠦᠷ ᠢ ᠠᠳᠬᠤᠪᠠᠯ ᠣᠷᠣᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠬᠠᠳᠠᠨ ᠵᠣᠷᠢᠭ ᠢᠶᠠᠷ ᠭᠡᠭᠡᠨ ᠭᠤᠣᠯ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠾᠧ ᠳ᠋ᠦᠩ ᠵᠡᠭᠡᠯᠢ ᠭᠤᠳᠤᠮᠵᠢ ᠳᠤ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃    ᠨᠢᠭᠡ ᠳᠤ᠂ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ︽ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ︾ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠢ ᠠᠬᠢᠭᠤᠯᠵᠤ᠂ ︽ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ︾ ᠤᠨ ᠨᠠᠮ ᠤᠨ ᠭᠡᠰᠢᠭᠦᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠲᠠ ᠳᠤ ᠣᠷᠣᠯᠴᠠᠬᠤ ᠶᠢ ᠬᠦᠳᠦᠯᠦᠨ ᠳᠠᠭᠠᠭᠤᠯᠬᠤ ᠬᠡᠷᠡᠭᠲᠡᠢ︔ ︽ᠬᠤᠪᠢᠰᠬᠠᠯᠲᠤ ᠬᠥᠳᠡᠯᠭᠡᠭᠦᠷ︾ ᠬᠢᠭᠡᠳ ᠠᠳᠠᠯ ᠠᠬᠤᠶ ᠶᠢᠨ ᠠᠵᠤ ᠠᠬᠤᠶᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ᠂ ᠠᠳᠠᠯ ᠠᠬᠤᠶ ᠬᠢᠭᠡᠳ ᠰᠠᠭᠤᠭᠠᠯᠢ ᠠᠷᠠᠳ ᠬᠠᠮᠲᠤ ᠪᠠᠷ ᠣᠷᠣᠯᠴᠠᠭᠰᠠᠨ ︽ᠣᠯᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠵᠤ᠂ ︽ᠬᠤᠪᠢᠰᠬᠠᠯᠲᠤ ᠠᠳᠠᠯ ᠠᠬᠤᠶ︾ ᠶᠢᠨ ᠵᠢᠵᠢᠭ ᠲᠤᠯᠭᠠᠭᠤᠷᠢᠯᠠᠬᠤ ᠴᠡᠭ ᠢᠶᠠᠷ ᠦᠨᠳᠦᠰᠦᠨ ᠱᠠᠲᠤᠨ ᠤ ᠵᠠᠰᠠᠯᠲᠠ ᠶᠢᠨ ︽ᠶᠡᠭᠡ ᠪᠠᠶᠢᠷᠢᠰᠢᠯ︾ ᠢ ᠳᠠᠶᠢᠴᠢᠯᠠᠬᠤ ᠬᠡᠷᠡᠭᠲᠡᠢ᠃    ᠬᠤᠶᠠᠷ ᠲᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠭᠦᠨᠵᠡᠭᠡᠶᠢᠷᠡᠭᠦᠯᠦᠨ᠎ᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠠᠷᠠᠳ ᠤᠯᠠᠨ ᠳᠤ ᠲᠤᠯᠭᠠᠷᠠᠵᠤ ᠪᠠᠶᠢᠭ᠎ᠠ ᠡᠪᠡᠷᠰᠢᠶᠡᠯ᠂ ᠬᠦᠴᠢᠷᠳᠡᠯ ᠪᠣᠯᠤᠨ ᠲᠦᠭᠵᠢᠷᠡᠯ ᠢ ᠴᠠᠭ ᠲᠤᠬᠠᠢ ᠳᠤᠨᠢ ᠨᠡᠪᠲᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ︔ ᠬᠦᠴᠢᠷᠳᠡᠯ ᠪᠠᠭᠤᠷᠠᠶᠢᠴᠤᠤᠯ ᠢ ᠦᠷᠭᠦᠯᠵᠢᠯᠡᠨ ᠠᠩᠬᠠᠷᠴᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃    ᠭᠤᠷᠪᠠ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠦ᠂ ᠠᠵᠤ ᠠᠬᠤᠶ ᠪᠠ ᠲᠥᠷᠥᠯ ᠵᠦᠢᠯ ᠤᠨ ᠬᠥᠭᠵᠢᠯᠲᠡ ᠶᠢ ᠲᠦᠷᠭᠡᠳᠬᠡᠬᠦ ᠶᠢᠨ ᠨᠢᠭᠡᠳᠦᠭᠡᠷ ᠭᠠᠷᠳᠠᠴᠠ ᠪᠣᠯᠭᠠᠵᠤ᠂ ᠶᠠᠰᠤ ᠴᠢᠨᠠᠷ ᠢᠶᠠᠷ ᠨᠠᠩ ᠥᠨᠳᠥᠷ᠂ ᠬᠡᠪᠴᠢᠶ᠎ᠡ ᠪᠠᠷ ᠨᠠᠩ ᠶᠡᠭᠡ᠂ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠷ ᠨᠠᠩ ᠴᠢᠩᠭ᠎ᠠ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠬᠠᠷᠢᠶᠠᠲᠤ ᠣᠷᠣᠨ ᠤ ᠠᠵᠤ ᠠᠬᠤᠶ ᠶᠢ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ᠂ ᠭᠡᠭᠡᠨ ᠭᠤᠤᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃    ᠨᠠᠶᠢᠷᠠᠭᠤᠯᠤᠭᠴᠢ᠄ ᠸᠠᠩ ᠯᠠᠨ ᠯᠠᠨ    ᠰᠦᠯᠵᠢᠶᠡᠨ ᠤ ᠬᠢᠨᠠᠭᠴᠢ᠄ ᠭᠦ᠋ ᠶᠦᠨ ᠰᠧᠨ    ᠶᠡᠷᠦᠩᠬᠡᠢ ᠬᠢᠨᠠᠭᠴᠢ᠄ ᠵᠠᠩ ᠰᠢᠩ ᠸᠧᠢ  
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ