ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/22
    ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠢᠷᠤᠮᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠮᠠᠨ ᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠬᠤᠲᠠ ᠶᠢᠨ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠠᠬᠤᠶᠢᠯᠠᠯ ᠳᠤ ᠴᠢᠭᠯᠡᠭᠦᠯᠦᠨ ᠥᠪᠡᠷᠲᠡᠭᠡᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃    ᠥᠪᠡᠷᠲᠡᠭᠡᠨ ᠪᠠᠶᠢᠴᠠᠭᠠᠬᠤ ᠶᠠᠪᠤᠴᠠ ᠳᠤ᠂ ᠲᠣᠰ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠦᠢᠯᠡᠰ ᠢ ᠪᠠᠭᠲᠠᠭᠠᠵᠤ ᠪᠠᠶᠢᠬᠤ ᠶᠢ ᠣᠯᠵᠤ ᠮᠡᠳᠡᠵᠡᠢ᠃ ᠡᠭᠦᠨ ᠳᠤ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠡᠷᠡ ᠳᠠᠷᠤᠶ ᠳᠤ ᠨᠢ ᠲᠤᠰᠬᠠᠶ ᠮᠡᠷᠭᠡᠵᠢᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠲᠣᠰ ᠠᠵᠤ ᠠᠬᠤᠶᠢᠯᠠᠯ ᠳᠤ ᠭᠦᠨᠵᠡᠭᠡᠶᠢᠷᠡᠨ ᠨᠠᠷᠢᠨ ᠪᠠᠶᠢᠴᠠᠭᠠᠨ ᠰᠤᠳᠤᠯᠤᠯᠲᠠ ᠬᠢᠪᠠ᠃ ᠪᠥᠬᠦ ᠲᠠᠯ᠎ᠠ ᠪᠠᠷ ᠨᠠᠷᠢᠨ ᠨᠢᠮᠪᠠᠶ ᠬᠢᠨᠠᠨ ᠪᠠᠶᠢᠴᠠᠭᠠᠬᠤ ᠪᠠᠷ ᠳᠡᠮᠵᠢᠨ᠂ ᠲᠣᠰ ᠠᠵᠤ ᠠᠬᠤᠶᠢᠯᠠᠯ ᠨᠢ ᠣᠳᠣᠬᠠᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠲᠠᠢ ᠬᠤᠯᠪᠣᠭᠳᠠᠬᠤ ᠲᠤᠬᠠᠶᠢᠯᠠᠭᠰᠠᠨ ᠠᠵᠢᠯ ᠥᠷᠨᠢᠭᠦᠯᠦᠭᠡᠳᠦᠶ ᠪᠠᠶᠢᠬᠤ ᠶᠢ ᠨᠤᠲᠠᠯᠠᠪᠠ᠂ ᠡᠶᠢᠮᠦ ᠠᠴᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠳᠠᠩᠰᠠᠯᠠᠭᠤᠯᠬᠤ ᠴᠢᠬᠤᠯᠠ ᠦᠭᠡᠢ ᠶᠤᠮ᠃    ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠠᠵᠤ ᠠᠬᠤᠶᠢᠯᠠᠯ ᠳᠤ ᠴᠢᠭᠯᠡᠭᠦᠯᠦᠨ ᠨᠠᠷᠢᠨ ᠲᠣᠳᠣᠷᠬᠠᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠡᠶ᠃ ᠲᠤᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ᠄ ᠬᠡᠷᠪᠡ ᠢᠷᠡᠭᠡᠳᠦᠢ ᠶᠢᠨ ᠲᠥᠯᠥᠪᠯᠡᠭᠡ ᠪᠠᠷ ᠠᠵᠢᠯ ᠮᠡᠷᠭᠡᠵᠢᠯ ᠤᠨ ᠵᠠᠭᠤᠴᠢ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠠᠴᠠ ᠭᠠᠳᠠᠨᠠᠬᠢ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠨᠡᠶᠢᠲᠡᠯᠡᠬᠦ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠪᠡᠯ᠂ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠭᠡᠭᠡᠨ ᠭᠤᠣᠯ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠳᠠᠩᠰᠠᠯᠠᠭᠤᠯᠬᠤ ᠬᠡᠷᠡᠭᠲᠡᠢ᠃    ᠲᠠᠷᠠᠭᠠᠴᠢ ᠶᠢᠨ ᠠᠯᠬᠤᠮ ᠳᠤ᠂ ᠭᠡᠭᠡᠨ ᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠤ ᠠᠬᠤᠶᠢᠯᠠᠯ ᠳᠤ ᠨᠠᠩ ᠴᠢᠨᠠᠷ ᠰᠠᠶᠢᠲᠠᠶ ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ