4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦᠯᠢ ᠡᠳᠦᠷ ᠤᠨ ᠴᠠᠭ ᠢ ᠠᠰᠢᠭᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ᠂ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ᠂ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃ | | | | | 4 ᠰᠠᠷ᠎ᠠ ᠶᠢᠨ 8 ᠤ ᠡᠳᠦᠷ᠂ ᠸᠠᠩ ᠯᠢ ᠰᠢᠶᠠ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠦᠭᠡᠬᠤᠲᠠ ᠶᠢᠨ ᠷᠦ᠋ ᠢ ᠰᠠᠯᠪᠤᠷᠢ ᠪᠠᠩᠬᠢ ᠶᠢᠨ ᠵᠡᠭᠦᠨ | ᠲᠣᠭᠤᠷᠢᠯ ᠵᠠᠮ ᠤᠨ ᠡᠵᠡᠩᠨᠡᠯᠲᠡ ᠶᠢᠨ ᠶᠡᠭᠡ ᠲᠢᠩᠬᠢᠮ ᠳᠤ ᠬᠦᠷᠴᠦ᠂ ᠵᠢᠭᠡᠯᠡᠯᠭᠡ ᠠᠪᠬᠤ ᠪᠠᠷ ᠢᠷᠡᠭᠰᠡᠨ ᠠᠵᠤ ᠠᠬᠤᠶᠢᠯᠠᠯ ᠤᠨ ᠬᠢᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠸᠠᠩ ᠯᠢ ᠰᠢᠶᠠ ᠡᠩ ᠲᠡᠷᠢᠭᠦᠨ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠦᠭᠡᠬᠤᠲᠠ ᠶᠢᠨ ᠷᠦ᠋ ᠢ ᠰᠠᠯᠪᠤᠷᠢ ᠪᠠᠩᠬᠢ ᠶᠢᠨ ᠵᠡᠭᠦᠨ ᠲᠣᠭᠤᠷᠢᠯ | ᠵᠠᠮ ᠤᠨ ᠡᠵᠡᠩᠨᠡᠯᠲᠡ ᠶᠢᠨ ᠶᠡᠭᠡ ᠲᠢᠩᠬᠢᠮ ᠳᠤ ᠬᠦᠷᠴᠦ᠂ ᠵᠢᠭᠡᠯᠡᠯᠭᠡ ᠠᠪᠬᠤ ᠪᠠᠷ ᠢᠷᠡᠭᠰᠡᠨ ᠠᠵᠤ ᠠᠬᠤᠶᠢᠯᠠᠯ ᠤᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠡᠳᠦᠢ ᠵᠣᠭᠤᠰ ᠵᠢᠭᠡᠯᠡᠬᠦ ᠪᠠᠷ ᠲᠥᠯᠥᠪᠯᠡᠵᠦ ᠪᠠᠶᠢᠬᠤ ᠪᠤᠢ︖ ᠶᠡᠷᠦ ᠳᠡᠭᠡᠨ ᠭᠡᠲᠦ ᠤᠳᠠᠭ᠎ᠠ ᠭᠦᠶᠦᠳᠡᠭ ᠪᠤᠶ︖ ᠬᠢᠨᠠᠨ ᠵᠥᠪᠰᠢᠶᠡᠷᠡᠬᠦ ᠳᠤ ᠬᠡᠳᠦᠢ ᠴᠠᠭ | ᠬᠡᠷᠡᠭᠰᠡᠬᠦ ᠪᠤᠢ︖ ᠬᠦᠦ ᠨᠣᠷᠮ᠎ᠠ ᠨᠢ ᠬᠡᠳᠦᠢ ᠪᠤᠢ︖ ᠦᠢᠯᠡᠳᠪᠦᠷᠢᠯᠡᠯ ᠡᠵᠡᠩᠨᠡᠯᠲᠡ ᠳᠤ ᠶᠠᠮᠠᠷ ᠬᠦᠴᠢᠷᠳᠡᠯ ᠲᠠᠢ ᠪᠤᠶ︖ ᠭᠡᠵᠦ ᠸᠠᠩ ᠯᠢ ᠰᠢᠶᠠ ᠮᠠᠰᠢ | ᠨᠠᠷᠢᠯᠢᠭ ᠠᠰᠠᠭᠤᠪᠠ᠃ | | | | | 4 ᠰᠠᠷ᠎ᠠ ᠶᠢᠨ 8 ᠤ ᠡᠳᠦᠷ᠂ ᠸᠠᠩ ᠯᠢ ᠰᠢᠶᠠ ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠲᠠᠢ | ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠢᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠲᠠᠷᠠᠭ᠎ᠠ ᠨᠢ᠂ ᠸᠠᠩ ᠯᠢ ᠰᠢᠶᠠ ᠼᠤᠤ ᠳ᠋ᠦ᠋ ᠪᠡᠯᠴᠢᠭᠡᠷ ᠤᠨ ᠮᠠᠯ ᠠᠵᠤ ᠠᠬᠤᠢ ᠶᠢᠨ ᠺᠤᠮᠫᠠᠨᠢ᠂ ᠢ ᠹᠧᠢ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠺᠤᠮᠫᠠᠨᠢ᠂ ᠯᠢᠦᠢ ᡁᠢ ᠳ᠋ᠥᠸᠧ ᠠᠷᠠᠯᠵᠢᠶ᠎ᠠ ᠬᠤᠳᠠᠯᠳᠤᠭᠠᠨ ᠤ ᠺᠤᠮᠫᠠᠨᠢ ᠵᠡᠷᠭᠡ 8 ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠨ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠢᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠤᠬᠠᠢ ᠶᠢᠨ | ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ ᠲᠡᠷᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ | ᠭᠦᠢᠯᠭᠡᠭᠡᠨ ᠤ ᠠᠵᠢᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ | ᠨᠢᠭᠡᠳᠬᠡᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠷᠭᠤᠭᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠶᠢ ᠰᠠᠶᠢᠲᠤᠷ | ᠥᠷᠨᠢᠭᠦᠯᠬᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠰᠠᠶᠢᠲᠤᠷ ᠪᠦᠲᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠵᠤ | ᠠᠬᠤᠶᠢᠯᠠᠯ ᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠶᠠᠪᠤᠳᠠᠯ | ᠪᠣᠯᠣᠨ᠎ᠠ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠵᠠᠰᠠᠭ ᠤᠨ ᠣᠷᠳᠣᠨ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ | ᠬᠠᠪᠰᠤᠷᠴᠤ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠭᠠᠷ ᠬᠤᠯᠪᠣᠯᠴᠠᠨ ᠮᠡᠳᠡᠭᠡ ᠵᠠᠩᠭᠢ ᠲᠡᠩᠴᠡᠭᠦᠷᠢ ᠦᠭᠡᠢ᠂ ᠢᠲᠡᠭᠡᠮᠵᠢᠲᠦ ᠵᠢᠭᠡᠯᠡᠯᠭᠡ ᠶᠢ | ᠨᠠᠶᠢᠳᠠᠪᠤᠷᠢᠵᠢᠭᠤᠯᠬᠤ ᠳᠤ ᠬᠦᠴᠢᠷ᠂ ᠵᠢᠭᠡᠯᠡᠯᠭᠡ ᠶᠢᠨ ᠥᠪᠡᠷ ᠤᠨ ᠦᠷᠳᠡᠭ ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ᠃ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶᠢᠯᠠᠯ ᠢᠶᠠᠨ ᠨᠡᠩ ᠰᠠᠶᠢᠲᠤᠷ | ᠡᠷᠭᠢᠯᠡᠭᠦ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠠᠵᠤ ᠠᠬᠤᠶᠢᠯᠠᠯ ᠤᠨ ᠳᠤᠷᠠᠳᠤᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ | ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠵᠡᠷᠭᠡ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠡᠷᠡ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ | ᠰᠢᠢᠳᠪᠦᠷᠢᠯᠡᠬᠦ ᠠᠷᠭ᠎ᠠ ᠶᠢ ᠰᠤᠳᠤᠯᠤᠨ ᠳᠤᠷᠠᠳᠴᠤ᠂ ᠠᠯᠢ ᠲᠦᠷᠭᠡᠨ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | | | | | | | 4 ᠰᠠᠷ᠎ᠠ ᠶᠢᠨ 8 ᠤ ᠡᠳᠦᠷ᠂ ᠸᠠᠩ ᠯᠢ ᠰᠢᠶᠠ ᠶᠢᠨ ᠱᠧᠩ ᠤᠯᠠᠨ ᠤᠯᠤᠰ ᠤᠨ ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭᠠᠨ ᠤ ᠲᠠᠯᠠᠪᠠᠢ ᠳᠤ ᠬᠦᠷᠴᠦ᠂ | ᠬᠤᠳᠠᠯᠳᠤᠭᠠᠴᠢᠳ ᠲᠠᠢ ᠰᠠᠨᠠᠯ ᠢᠶᠠᠨ ᠰᠣᠯᠢᠯᠴᠠᠵᠤ᠂ ᠭᠡᠷ ᠤᠨ ᠡᠳ᠋ᠯᠡᠯ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠠᠵᠢᠯ | ᠲᠦᠷᠦᠯ ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | | | 4 ᠰᠠᠷ᠎ᠠ ᠶᠢᠨ 8 ᠤ ᠡᠳᠦᠷ᠂ ᠸᠠᠩ ᠯᠢ ᠰᠢᠶᠠ ᠯᠢ ᠹᠧᠩ ᠮᠠᠰᠢᠨ ᠲᠡᠷᠭᠡᠨ ᠤ ᠮᠡᠷᠭᠡᠵᠢᠯ ᠤᠨ ᠦᠢᠯᠡᠴᠢᠯᠡᠭᠡᠨ ᠤ ᠬᠦᠷᠢᠶᠡᠯᠡᠩ ᠳᠤ ᠬᠦᠷᠴᠦ᠂ ᠮᠠᠰᠢᠨ ᠲᠡᠷᠭᠡᠨ ᠤ | ᠠᠵᠢᠯ ᠲᠦᠷᠥᠯ ᠤᠨ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ | ᠣᠶᠢᠯᠠᠭᠠᠪᠠ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠲᠤᠰ ᠦᠳᠡ ᠶᠢᠨ ᠬᠤᠶᠢᠨ᠎ᠠ᠂ ᠸᠠᠩ ᠯᠢ ᠰᠢᠶᠠ ᠶᠢᠨ ᠱᠧᠩ ᠤᠯᠠᠨ ᠤᠯᠤᠰ ᠤᠨ ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭᠠᠨ ᠤ ᠲᠠᠯᠠᠪᠠᠢ ᠪᠠ ᠯᠢ ᠹᠧᠩ | ᠮᠠᠰᠢᠨ ᠲᠡᠷᠭᠡᠨ ᠤ ᠮᠡᠷᠭᠡᠵᠢᠯ ᠤᠨ ᠦᠢᠯᠡᠴᠢᠯᠡᠭᠡᠨ ᠤ ᠬᠦᠷᠢᠶᠡᠯᠡᠩ ᠳᠤ ᠬᠦᠷᠴᠦ᠂ ᠬᠤᠳᠠᠯᠳᠤᠭᠠᠴᠢᠳ ᠲᠠᠢ ᠰᠠᠨᠠᠯ ᠢᠶᠠᠨ ᠰᠣᠯᠢᠯᠴᠠᠵᠤ᠂ ᠭᠡᠷ ᠤᠨ ᠡᠳ᠋ᠯᠡᠯ ᠬᠡᠷᠡᠭᠰᠡᠯ᠂ | ᠪᠠᠷᠢᠯᠭ᠎ᠠ ᠶᠢᠨ ᠮᠠᠲ᠋ᠧᠷᠢᠶᠠᠯ᠂ ᠭᠡᠷ ᠤᠨ ᠴᠠᠭᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠠᠵᠢᠯ ᠲᠦᠷᠦᠯ ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ ᠤ | ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃ ᠳᠠᠷᠠᠭ᠎ᠠ ᠨᠢ ᠸᠠᠩ ᠯᠢ | ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠰᠠᠶᠢᠲᠤᠷ ᠠᠰᠢᠭᠯᠠᠵᠤ᠂ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ | ᠮᠡᠳᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠬᠡᠷᠡᠭᠯᠡᠭᠴᠢᠳ ᠤᠨ ᠬᠡᠷᠡᠭᠴᠡᠭᠡ ᠠᠴᠠ ᠡᠭᠦᠰᠴᠦ᠂ ᠨᠥᠬᠦᠪᠦᠷᠢ ᠶᠢᠨ ᠲᠥᠷᠥᠯ ᠵᠦᠢᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠥᠬᠦᠪᠦᠷᠢ ᠣᠯᠭᠤᠬᠤ ᠠᠷᠭ᠎ᠠ ᠬᠡᠮᠵᠢᠶ᠎ᠡ ᠪᠠ ᠬᠢᠨᠠᠨ ᠬᠠᠷᠭᠤᠭᠤᠯᠬᠤ ᠲᠡᠰ ᠳᠠᠷᠠᠭᠠᠯᠠᠯ ᠢ ᠲᠡᠭᠦᠯᠳᠡᠷᠵᠢᠭᠦᠯᠦᠨ᠂ ᠪᠡᠯᠡ | ᠮᠥᠩᠭᠦ ᠣᠯᠭᠤᠬᠤ ᠳᠤ ᠢᠯᠭᠤᠮ ᠪᠥᠭᠡᠳ ᠲᠦᠷᠭᠡᠨ ᠪᠠᠶᠢᠬᠤ ᠶᠢ ᠦᠨᠡᠨ ᠬᠦ ᠪᠠᠲᠤᠯᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ | ᠬᠠᠵᠠᠭᠤ ᠳᠤ ᠰᠢᠭᠤᠳ ᠬᠦᠷᠭᠡᠬᠦ ᠬᠡᠷᠡᠭᠲᠡᠢ᠃ ᠤᠷᠢᠳ ᠢᠶᠠᠷ ᠦᠨ᠎ᠡ ᠶᠢ ᠥᠰᠬᠡᠵᠦ ᠳᠠᠷᠠᠭ᠎ᠠ ᠨᠢ ᠨᠥᠬᠦᠪᠦᠷᠢ ᠥᠭᠬᠦ᠂ ᠲᠣᠭᠲᠠᠭᠠᠯ ᠠᠴᠠ ᠵᠥᠷᠢᠴᠡᠨ ᠨᠥᠬᠦᠪᠦᠷᠢ ᠶᠢ | ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠨ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠪᠣᠳᠠᠲᠠᠶᠢᠵᠢᠭᠤᠯᠬᠤ ᠶᠢ ᠠᠬᠢᠭᠤᠯᠤᠨ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠪᠡ᠃ |