2 ᠳ᠋ᠤᠭᠠᠷ ᠰᠠᠷ᠎ᠠ ᠶᠢᠨ 23 ᠤ ᠡᠳᠦᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠬᠤ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠪᠡ᠃ ᠲᠥᠷᠥ ᠶᠢᠨ ᠶᠠᠪᠤᠳᠠᠯ ᠤᠨ | ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 2 ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠥᠪ ᠤᠨ | ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠤ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ | ᠳᠡᠳ᠋ ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠵᠦ ᠸᠧᠢ ᠳ᠋ᠦᠩ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠨ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠠᠩᠬᠠᠷᠤᠭᠤᠰᠢᠲᠠᠢ ᠴᠢᠬᠤᠯᠠ ᠵᠦᠢᠯ ᠤᠳ — | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠰᠤᠳᠤᠯᠤᠨ ᠲᠣᠭᠲᠠᠭᠠᠬᠤ ᠠᠵᠢᠯ ᠢ ᠪᠠᠶᠢᠷᠢᠯᠠᠭᠤᠯᠪᠠ᠃ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ | ᠪᠠᠶᠢᠯᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠨᠢ ᠵᠥᠪᠬᠡᠨ ᠡᠨᠡ ᠵᠢᠯ ᠤᠨ ᠣᠨ ᠤ ᠴᠢᠨᠠᠷᠲᠠᠢ ᠡᠭᠦᠷᠭᠡ ᠲᠡᠳᠦᠢ ᠪᠢᠰᠢ᠂ ᠰᠢᠯᠵᠢᠯᠲᠡ ᠶᠢᠨ ᠬᠤᠭᠤᠴᠠᠭ᠎ᠠ | ᠥᠩᠭᠡᠷᠡᠭᠰᠡᠨ ᠤ ᠳᠠᠷᠠᠭ᠎ᠠ ᠴᠤ ᠡᠷᠬᠡᠪᠰᠢ ᠤᠷᠳᠤ ᠬᠤᠭᠤᠴᠠᠭ᠎ᠠ ᠪᠠᠷ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠶᠢᠨ ᠬᠤᠭᠤᠴᠠᠭ᠎ᠠ | ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ ᠮᠥᠷᠲᠡᠭᠡᠨ ᠲᠥᠷᠥᠯ ᠬᠤᠪᠢᠶᠠᠨ | ᠲᠡᠭᠦᠯᠳᠡᠷᠵᠢᠭᠦᠯᠵᠦ᠂ ᠪᠠᠶᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ ᠪᠠᠶᠢᠭᠤᠯᠵᠤ ᠪᠦᠷᠢᠨᠰᠢᠭᠦᠯᠦᠨ᠎ᠡ᠃ | ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ | ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ ᠴᠢᠩᠭᠠᠷᠠᠭᠤᠯᠤᠨ᠎ᠠ | ᠦᠨ᠎ᠡ ᠬᠠᠩᠰᠢ ᠶᠢᠨ ᠲᠠᠯ᠎ᠠ ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠶᠢᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂ ᠠᠨᠾᠦ᠋ᠢ ᠲᠦᠷᠪᠡᠨ ᠮᠤᠵᠢ ᠳᠤ ᠲᠤᠲᠤᠷᠭ᠎ᠠ ᠶᠢ ᠤᠯᠤᠰ ᠤᠨ ᠨᠥᠭᠡᠴᠡ ᠳᠤ ᠲᠦᠰᠢᠭᠯᠡᠨ ᠬᠠᠮᠤᠭ | ᠳᠣᠣᠷ᠎ᠠ ᠦᠨ᠎ᠡ ᠶᠢ ᠳᠣᠪᠤᠶᠢᠯᠭᠠᠵᠤ ᠬᠤᠳᠠᠯᠳᠤᠨ ᠠᠪᠬᠤ ᠠᠵᠢᠯ ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠢᠶᠠᠨ | ᠴᠢᠩᠭᠠᠷᠠᠭᠤᠯᠵᠤ᠂ ᠰᠢᠷ᠎ᠠ ᠪᠤᠷᠴᠠᠭ ᠤᠨ ᠪᠣᠷᠤᠯᠠᠭᠤᠯᠭ᠎ᠠ ᠪᠠ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ ᠳᠤ ᠬᠦᠴᠢᠷ ᠪᠠᠶᠢᠳᠠᠯ ᠭᠠᠷᠬᠤ ᠠᠴᠠ ᠰᠡᠷᠭᠡᠶᠢᠯᠡᠨ᠎ᠡ᠃ ᠨᠥᠬᠦᠪᠦᠷᠢ ᠶᠢᠨ ᠲᠠᠯ᠎ᠠ ᠪᠠᠷ᠂ | ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠰᠢᠮ᠎ᠡ ᠴᠢᠨᠠᠷ ᠢ ᠬᠠᠮᠠᠭᠠᠯᠠᠬᠤ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠣᠭᠲᠠᠪᠤᠷᠢᠵᠢᠭᠤᠯᠵᠤ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠣᠯᠭᠤᠬᠤ᠂ ᠲᠤᠲᠤᠷᠭ᠎ᠠ ᠶᠢᠨ ᠨᠥᠬᠦᠪᠦᠷᠢ ᠣᠯᠭᠤᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠢᠨ ᠤ ᠠᠮᠤ ᠲᠣᠰᠣᠨ ᠤ ᠲᠠᠷᠢᠮᠠᠯ ᠤᠨ ᠲᠤᠰᠬᠠᠢ ᠵᠦᠢᠯ ᠤᠨ ᠵᠢᠭᠡᠯᠡᠯᠭᠡ ᠶᠢᠨ ᠳᠠᠮ ᠬᠦᠦ ᠥᠭᠬᠦ | ᠲᠤᠷᠰᠢᠯᠲᠠ ᠶᠢᠨ ᠴᠡᠭ ᠥᠷᠨᠢᠭᠦᠯᠬᠦ ᠶᠢ ᠨᠢ ᠵᠣᠷᠢᠭᠵᠢᠭᠤᠯᠤᠨ᠎ᠠ᠃ ᠡᠳᠡᠭᠡᠷ ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠦᠨᠡᠨ ᠬᠦ ᠳᠡᠮᠵᠢᠯᠭᠡ | ᠦᠵᠡᠭᠦᠯᠬᠦ ᠬᠡᠷᠡᠭᠲᠡᠢ᠃ ᠳᠠᠭᠠᠳᠬᠠᠯ ᠤᠨ ᠲᠠᠯ᠎ᠠ ᠪᠠᠷ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠲᠠᠷᠢᠶᠠᠯᠠᠩ ᠤᠨ ᠳᠠᠭᠠᠳᠬᠠᠯ ᠳᠤ ᠰᠢᠶᠠᠨ ᠤ ᠱᠠᠲᠤᠨ ᠤ | ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢ ᠡᠭᠦᠷᠭᠡᠯᠡᠬᠦ ᠬᠠᠷᠢᠴᠠᠯ ᠢ ᠨᠢ ᠪᠠᠭᠤᠷᠠᠭᠤᠯᠵᠤ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ ᠤᠨ | ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠵᠤ᠂ | ᠪᠠᠶᠢᠭᠠᠯᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠴᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠡᠶᠢᠰᠢ ᠥᠷᠭᠡᠳᠬᠡᠬᠦ ᠶᠢ ᠨᠢ ᠲᠦᠷᠭᠡᠳᠬᠡᠨ᠎ᠡ᠃ | ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠵᠢᠯ ᠢ ᠠᠳᠬᠤᠬᠤ ᠢᠳᠡᠪᠬᠢᠵᠢᠯ ᠢ ᠨᠢ ᠳᠠᠶᠢᠴᠢᠯᠠᠬᠤ ᠶᠢᠨ ᠲᠣᠭᠤᠷᠢᠨ ᠳᠤ᠂ | ᠡᠨᠡ ᠵᠢᠯ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠬᠡᠷᠡᠭᠵᠢᠭᠦᠯᠬᠦ | ᠬᠡᠪᠴᠢᠶ᠎ᠡ ᠶᠢ ᠨᠢ ᠥᠷᠭᠡᠳᠬᠡᠵᠦ᠂ ᠲᠥᠪ ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ ᠨᠢ ᠨᠥᠬᠦᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ᠂ ︽ᠠᠰᠢᠭ ᠬᠦᠷᠲᠡᠭᠰᠡᠨ︾ ᠮᠤᠵᠢ ᠪᠡᠯᠡ | ᠭᠠᠷᠭᠠᠬᠤ᠂ ︽ᠬᠤᠪᠢ ᠨᠡᠮᠡᠷᠢ ᠦᠵᠡᠭᠦᠯᠦᠭᠰᠡᠨ︾ ᠮᠤᠵᠢ ᠨᠢ ᠨᠥᠬᠦᠪᠦᠷᠢ ᠣᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠡ ᠮᠥᠩᠭᠦᠨ ᠤ ᠣᠷᠣᠭᠤᠯᠤᠯᠲᠠ ᠪᠠᠨ | ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ | ᠴᠢᠩᠭᠠᠷᠠᠭᠤᠯᠤᠨ᠎ᠠ᠃ | ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠣᠰᠬᠠᠭᠰᠠᠳ 1200 ᠲᠦᠮᠡ ᠶᠢ ᠳᠠᠪᠠᠪᠠ | ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠶᠢᠨ ᠴᠠᠭᠠᠨ ᠵᠠᠭᠠᠮᠠᠲᠠᠳ ᠵᠡᠷᠭᠡ ᠬᠥᠮᠥᠰ ᠨᠤᠲᠤᠭ ᠲᠤ ᠪᠠᠨ ᠪᠤᠴᠠᠵᠤ ᠦᠢᠯᠡᠰ ᠪᠣᠰᠬᠠᠨ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠳᠠᠶᠢᠴᠢᠯᠠᠨ ᠴᠣᠯᠭᠤᠷᠠᠭᠤᠯᠵᠤ ᠪᠠᠶᠢᠨ᠎ᠠ᠃ | ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠣᠰᠬᠠᠭᠰᠠᠳ 1200 | ᠲᠦᠮᠡ ᠶᠢ ᠳᠠᠪᠠᠵᠠᠢ᠃ ᠡᠳᠡᠭᠡᠷ ︽ᠰᠢᠨ᠎ᠡ ᠲᠠᠷᠢᠶᠠᠴᠢᠨ︾᠂ ︽ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢ︾ ᠨᠠᠷ ᠮᠡᠷᠭᠡᠵᠢᠯ ᠪᠠ ᠰᠢᠨ᠎ᠡ ᠡᠭᠦᠳᠦᠯᠲᠡ᠂ | ᠬᠦᠰᠡᠯ ᠵᠡᠭᠦᠳᠦ ᠪᠠ ᠬᠠᠶᠢᠷ᠎ᠠ ᠰᠡᠳᠬᠢᠯᠭᠡ ᠡᠪᠦᠷᠯᠡᠨ ᠢᠷᠡᠵᠦ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠷ ᠬᠥᠭᠵᠢᠶᠡᠨ | ᠨᠡᠮᠡᠷᠢᠯᠡᠵᠡᠢ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠶᠢᠷᠢᠯᠠᠭᠤᠯᠤᠭᠰᠠᠨ ᠢᠶᠠᠷ᠄ ᠨᠢᠭᠡ ᠲᠠᠯ᠎ᠠ ᠪᠠᠷ᠂ ᠲᠣᠰ ᠨᠤᠲᠤᠭ ᠤᠨ ᠴᠢᠳᠠᠪᠤᠷᠢᠲᠠᠨ ᠢᠶᠠᠨ | ᠬᠥᠮᠥᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ᠂ ᠲᠠᠷᠢᠶᠠᠴᠢᠳ ᠤᠨ ᠮᠡᠷᠭᠡᠵᠢᠯ ᠤᠷ᠎ᠠ ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠬᠤ᠂ ᠬᠥᠳᠡᠭᠡ ᠲᠣᠰᠬᠤᠨ ᠤ | ᠤᠷᠠᠨ ᠳᠠᠷᠬᠠᠨ ᠢ ᠬᠥᠮᠥᠵᠢᠭᠦᠯᠬᠦ ᠢᠨᠵᠧᠨᠧᠷᠢᠩ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠡᠯ᠎ᠡ ᠲᠥᠷᠥᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠳ ᠪᠠ ᠬᠡᠷᠡᠭᠯᠡᠭᠡᠨ ᠤ ᠴᠢᠳᠠᠪᠤᠷᠢᠲᠠᠳ ᠤᠨ ᠡᠩᠨᠡᠭᠡ ᠶᠢ ᠪᠤᠵᠠᠭᠠᠶᠢᠷᠠᠭᠤᠯᠤᠨ᠎ᠠ᠃ ᠨᠥᠭᠦᠭᠡ ᠲᠠᠯ᠎ᠠ ᠪᠠᠷ᠂ ᠭᠠᠳᠠᠨᠠᠬᠢ ᠴᠢᠳᠠᠪᠤᠷᠢᠲᠠᠳ ᠢ | ᠣᠷᠣᠭᠤᠯᠤᠨ ᠠᠪᠴᠢᠷᠠᠬᠤ ᠪᠠᠨ ᠠᠩᠬᠠᠷᠤᠨ ᠴᠢᠬᠤᠯᠠᠴᠢᠯᠠᠵᠤ᠂ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ ᠨᠢᠭᠡ ᠪᠦᠯᠦᠭ | ᠦᠨᠳᠦᠰᠦᠨ ᠱᠠᠲᠤᠨ ᠤ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠥᠭᠵᠢᠯᠲᠡ ᠳᠤ ᠨᠢᠭᠡ | ᠪᠦᠯᠦᠭ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ ᠣᠷᠣᠭᠤᠯᠤᠨ ᠠᠪᠴᠢᠷᠠᠨ᠎ᠠ᠃ | ᠨᠠᠶᠢᠷᠠᠭᠤᠯᠤᠭᠴᠢ᠄ ᠸᠠᠩ ᠯᠠᠨ ᠯᠠᠨ | ᠰᠦᠯᠵᠢᠶᠡᠨ ᠤ ᠬᠢᠨᠠᠭᠴᠢ᠄ ᠭᠦ᠋ ᠶᠦᠨ ᠰᠧᠨ | ᠶᠡᠷᠦᠩᠬᠡᠢ ᠬᠢᠨᠠᠭᠴᠢ᠄ ᠵᠠᠩ ᠰᠢᠩ ᠸᠧᠢ | |