3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠮᠤᠵᠢ ᠶᠢᠨ ᠳᠡᠰ ᠤᠨ ᠤᠳᠤᠷᠢᠳᠬᠤ | ᠺᠠᠳ᠋ᠷᠴᠤᠳ ᠤᠨ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠬᠦ ᠪᠠᠷ ᠪᠥᠬᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠨᠤᠮ ᠤᠡᠭᠰᠢᠬᠤ ᠠᠩᠬᠢ ᠶᠢ ᠡᠷᠬᠢᠯᠡᠪᠡ᠃ | | | | | 3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠪᠡ᠃ ᠰᠤᠷᠪᠤᠯᠵᠢᠯᠠᠭᠴᠢ ᠮᠠ ᠵᠢᠶᠠᠨ ᠪᠢᠩ | ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ ᠣᠷᠣᠯᠴᠠᠪᠠ᠃ | ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠠᠨ ᠰᠤᠷᠤᠯᠴᠠᠬᠤ ᠶᠢ ᠤᠶᠠᠯᠳᠤᠭᠤᠯᠬᠤ | ᠬᠡᠯᠪᠡᠷᠢ ᠪᠠᠷ ᠶᠠᠪᠤᠭᠳᠠᠭᠤᠯᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠨᠥᠬᠦᠳ | ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ | | | | | 3 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠣᠮ ᠤᠩᠰᠢᠬᠤ ᠠᠩᠭᠢ ᠶᠢ ᠲᠤᠰᠬᠠᠶ | ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠠᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠪᠡ᠃ ᠰᠤᠷᠪᠤᠯᠵᠢᠯᠠᠭᠴᠢ ᠮᠠ ᠵᠢᠶᠠᠨ ᠪᠢᠩ | ᠰᠡᠭᠦᠳᠡᠷᠯᠡᠪᠡ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠠ ᠪᠠᠷ | ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠪᠠᠷ | ᠡᠬᠢᠯᠡᠯᠲᠡ ᠪᠣᠯᠭᠠᠵᠤ᠂ ᠴᠡᠭ ᠠᠴᠠ ᠨᠡᠶᠢᠳᠡᠮ ᠢ ᠬᠠᠮᠤᠷᠴᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠴᠣ ᠰᠢᠨ᠎ᠡ | ᠪᠠᠶᠢᠳᠠᠯ ᠲᠠᠢ ᠪᠣᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠲᠡᠦᠬᠡᠲᠦ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠪᠦᠳᠦᠮᠵᠢ ᠣᠯᠵᠠᠢ᠃ ᠥᠪᠥᠷ | ᠮᠣᠩᠭᠤᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠲᠡᠯᠬᠡᠷᠡᠬᠦᠯᠦᠨ | ᠲᠠᠶᠢᠯᠪᠤᠷᠢᠯᠠᠬᠰᠠᠨ ᠭᠠᠵᠠᠷ ᠤᠨ ᠨᠢᠭᠡ ᠪᠣᠯᠤᠨ᠎ᠠ᠂ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠠᠲᠤᠯᠠᠬᠤ ᠴᠢᠬᠤᠯᠠᠲᠠᠢ ᠶᠤᠮ᠃ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠨᠠᠮ ᠤᠨ ᠡᠯ᠎ᠡ ᠵᠦᠢᠯ ᠤᠨ | ᠪᠠᠶᠢᠭᠤᠯᠤᠯᠲᠠ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠰᠤᠷᠤᠯᠴᠠᠯᠭ᠎ᠠ | ᠬᠥᠮᠦᠵᠢᠯ ᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ | ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ︽ᠰᠤᠷᠤᠯᠴᠠᠬᠤ︾ ᠳᠤ ᠡᠷᠬᠡᠪᠰᠢ ᠰᠡᠳᠭᠢᠯ ᠵᠢᠷᠦᠬᠡᠨ ᠳᠡᠭᠡᠨ | ᠬᠠᠳᠠᠩᠰᠢᠭᠤᠯᠵᠤ᠂ ᠤᠶᠢᠯᠠᠭᠠᠯᠲᠠ ᠲᠠᠢ᠂ ᠣᠯᠤᠯᠲᠠ ᠲᠠᠢ ᠪᠠᠶᠢᠵᠤ᠂ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠲᠡᠷᠡ ᠬᠡᠪ ᠢᠶᠠᠷ ᠨᠢ᠂ ᠭᠦᠨ ᠭᠦᠨᠵᠡᠭᠡᠶ ᠰᠢᠰᠲ᠋ᠧᠮ ᠲᠠᠢ ᠰᠤᠳᠤᠯᠤᠨ | ᠤᠩᠰᠢᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠪᠦᠯᠦᠭ ᠵᠦᠢᠯ ᠵᠤᠷᠪᠤᠰ ᠳᠠᠷᠠᠭᠠᠯᠠᠨ ᠰᠤᠳᠤᠯᠵᠤ᠂ | ᠰᠠᠶᠢᠲᠤᠷ ᠣᠶᠢᠯᠠᠭᠠᠵᠤ ᠲᠤᠭᠤᠷᠡᠲᠡᠯᠡ ᠮᠡᠳᠡᠵᠦ ᠨᠡᠪᠲᠡᠷᠡᠲᠡᠯ᠎ᠡ ᠤᠶᠢᠯᠠᠭᠠᠬᠤ ᠳᠤᠮᠳᠠ ᠰᠤᠷᠲᠠᠯ ᠢ ᠰᠠᠶᠢᠵᠢᠷᠠᠭᠤᠯᠬᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠦᠵᠡᠯ | ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ︽ᠪᠠᠶᠢᠴᠠᠭᠠᠬᠤ︾ ᠳᠤ ᠡᠷᠬᠡᠪᠰᠢ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ | ᠣᠨᠣᠪᠴᠢᠲᠠᠶ ᠲᠥᠪᠯᠡᠷᠡᠭᠦᠯᠵᠦ᠂ ᠲᠤᠰᠤᠯᠳᠠ ᠨᠢ ᠪᠤᠳᠠᠳᠠᠢ ᠪᠠᠶᠢᠬᠤ ᠶᠢ ᠪᠡᠶᠡᠯᠡᠬᠦᠯᠵᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ | ᠬᠡᠷᠡᠭᠯᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠪᠠᠳᠠᠷᠠᠭᠤᠯᠵᠤ᠂ ᠨᠠᠷᠢᠨ ᠲᠠᠩᠰᠠ ᠲᠠᠢ ᠬᠠᠷᠭᠤᠭᠤᠯᠤᠨ ᠠᠰᠠᠭᠤᠳᠠᠯ ᠢ ᠦᠨᠡᠨ ᠪᠣᠳᠠᠲᠠᠶ | ᠡᠷᠢᠵᠤ ᠪᠤᠳᠠᠳᠠᠢ ᠪᠠᠶᠢᠴᠠᠭᠠᠬᠤ ᠬᠡᠷᠡᠭᠲᠡᠶ᠃ ︽ᠴᠡᠭᠴᠡᠯᠡᠨ ᠰᠠᠶᠢᠵᠢᠷᠠᠭᠤᠯᠬᠤ︾ ᠳᠤ ᠡᠷᠬᠡᠪᠰᠢ ᠦᠨᠡᠨ ᠪᠣᠳᠠᠲᠠᠢ ᠪᠠᠶᠢᠵᠤ᠂ ᠬᠤᠪᠢᠷᠠᠯᠲᠠ ᠲᠠᠢ᠂ ᠦᠷ᠎ᠡ | ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠡᠷᠢᠵᠦ ᠣᠯᠤᠭᠰᠠᠨ ᠠᠰᠠᠭᠤᠳᠠᠯ ᠢ ᠳᠠᠷᠤᠢ ᠳᠤᠨᠢ ᠮᠡᠳᠡᠵᠦ ᠳᠠᠷᠤᠢ ᠳᠤᠨᠢ ᠰᠠᠶᠢᠵᠢᠷᠠᠭᠤᠯᠵᠤ᠂ ᠳᠠᠷᠤᠢ ᠳᠤᠨᠢ | ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ | ᠲᠠᠯ᠎ᠠ ᠶᠢᠨ ᠬᠢᠨ ᠬᠤᠯᠪᠣᠭᠠᠯᠠᠨ ᠬᠦᠳᠡᠯᠦᠯᠴᠡᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠬᠠᠮᠲᠤ ᠴᠠᠭ ᠲᠤᠬᠠᠢ ᠳᠤᠨᠢ ᠳᠦᠷᠢᠮ ᠲᠣᠭᠲᠠᠭᠠᠯ | ᠲᠣᠭᠲᠠᠭᠠᠬᠤ ᠶᠢ ᠳᠠᠭᠠᠵᠤ ᠪᠡᠶᠡᠯᠡᠬᠦᠯᠬᠦ ᠬᠡᠷᠡᠭᠲᠡᠢ ᠭᠡᠪᠡ᠃ | ᠰᠦᠨ ᠱᠤᠤ ᠴᠤᠩ᠂ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ︽ | ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ | ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ︽ᠳᠠᠷᠤᠭᠠᠰᠤ ᠶᠢ | ᠬᠥᠩᠭᠡᠷᠡᠭᠦᠯᠬᠦ᠂ ᠬᠥᠴᠥᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠯᠤᠭ᠎ᠠ ᠨᠢᠭᠡᠳᠦᠯᠲᠡᠢ | ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ | ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ | ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃ | ᠬᠤᠶᠠᠷ ᠡᠳᠦᠷ ᠤᠨ ᠲᠤᠷᠰᠢ᠂ ᠮᠤᠵᠢ ᠶᠢᠨ ᠲᠠᠰ ᠤᠨ ᠤᠳᠤᠷᠢᠳᠬᠤ ᠺᠠᠳ᠋ᠷ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠲᠣᠭᠲᠠᠭᠰᠠᠨ ᠨᠣᠮ ᠤᠨ ᠠᠭᠤᠯᠭ᠎ᠠ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ | ᠤᠩᠰᠢᠪᠠ᠃ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠴᠦᠮ ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ | ᠲᠠᠪᠳᠠᠨ ᠪᠣᠯᠪᠠᠰᠤᠷᠠᠯᠳᠠ ᠶᠢ ᠦᠩᠬᠡᠷᠡᠬᠡᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ | ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ ᠬᠡᠰᠠᠨ ᠤᠯᠤᠯᠳᠠ ᠲᠦᠷᠦᠭᠳᠡᠯ ᠲᠠᠢ ᠪᠤᠯᠵᠠᠢ | ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠢ ᠶᠢᠨ ᠬᠠᠷᠢᠭᠤᠴᠠᠯᠭᠠᠲᠠᠨ ᠨᠦᠬᠦᠳ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠳᠤ ᠣᠷᠣᠯᠴᠠᠪᠠ᠃ |