ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠣᠶᠢᠷ᠎ᠠ ᠳᠤ ᠲᠥᠪ ᠤᠨ | ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠵᠠᠩ ᠶᠦᠩ ᠳᠠᠶᠢᠴᠢᠯᠠᠯᠲᠠ ᠶᠢᠨ | ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | | | ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ | ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ | ᠳᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ︔ ᠥᠪᠡᠷᠲᠡᠭᠡᠨ ᠵᠠᠰᠠᠬᠤ ᠣᠷᠣᠨ ᠤ | ᠲᠤᠰᠢᠶᠠᠯ ᠳᠤ ᠪᠠᠶᠢᠭ᠎ᠠ ᠪᠤᠰᠤᠳ ᠳᠡᠳ᠋ ᠮᠤᠵᠢ ᠶᠢᠨ ᠲᠡᠰ ᠤᠨ ᠤᠳᠤᠷᠢᠳᠬᠤ ᠺᠠᠳ᠋ᠷ᠂ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ | ᠨᠥᠬᠦᠳ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠡᠷᠭᠢᠯᠡᠭᠴᠢ ᠪᠣᠯᠣᠨ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠵᠠᠢ︔ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠠᠶᠢᠮᠠᠭ ᠤᠨ ᠨᠠᠮ ᠤᠨ | ᠬᠤᠷᠢᠶ᠎ᠠ ᠶᠢᠨ ᠭᠡᠰᠢᠭᠦᠨ︶ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︵ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠢᠶ᠎ᠠ︶᠂ ᠵᠠᠰᠠᠭ ᠤᠨ ᠣᠷᠳᠣᠨ ︵ᠵᠠᠬᠢᠷᠭ᠎ᠠ︶᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠬᠤ ᠪᠠᠭ ᠤᠨ ᠪᠦᠷᠢᠯᠳᠦᠭᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠢᠳᠢᠤ᠋ ᠬᠤᠷᠠᠯ ᠤᠨ | ᠭᠡᠯᠪᠡᠷᠢ ᠪᠠᠷ ᠬᠤᠷᠠᠯ ᠳᠤ ᠰᠤᠯᠠ ᠣᠷᠣᠯᠴᠠᠪᠠ᠃ | ᠴᠧᠨ ᠵᠠᠩ ᠶᠦᠩ᠂ ᠲᠣᠭᠤᠷᠢᠨ ᠪᠠᠶᠢᠴᠠᠭᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ | ᠲᠣᠬᠢᠷᠠᠭᠤᠯᠤᠯᠲᠠ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠣᠭᠤᠷᠢᠨ ᠪᠠᠶᠢᠴᠠᠭᠠᠬᠤ | ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠢᠨᠠᠯᠲᠠ ᠲᠠᠯᠪᠢᠬᠤ ᠶᠢ ᠵᠥᠪ ᠲᠠᠨᠢᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ | ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠲᠣᠭᠤᠷᠢᠨ | ᠪᠠᠶᠢᠴᠠᠭᠠᠬᠤ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠴᠧᠨ ᠵᠠᠩ ᠶᠦᠩ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠪᠤᠶᠢᠯᠭᠠᠵᠤ᠂ | ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ ᠶᠢ | ᠦᠨᠳᠦᠰᠦᠨ ᠡᠭᠦᠷᠭᠡ ᠪᠠᠨ ᠪᠣᠯᠭᠠᠨ᠎ᠠ᠃ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ ᠬᠢᠨᠠᠯᠲᠠ ᠲᠠᠯᠪᠢᠬᠤ | ᠦᠢᠯᠡᠳᠦᠯ ᠢ ᠪᠠᠳᠠᠷᠠᠭᠤᠯᠵᠤ᠂ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠤᠯᠤᠰ | ᠲᠦᠷᠦ ᠶᠢᠨ ᠬᠢᠨᠠᠯᠲᠠ ᠲᠠᠯᠪᠢᠬᠤ ᠶᠢ ᠣᠨᠣᠪᠴᠢᠲᠠᠢ ᠪᠥᠭᠡᠳ ᠪᠦᠲᠦᠮᠵᠢᠲᠡᠢ ᠥᠷᠨᠢᠭᠦᠯᠦᠨ᠎ᠡ᠃ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠬᠠᠢ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠶᠡᠷᠦᠩᠬᠡᠢ ᠱᠦᠵᠢ | ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠤᠭᠰᠠᠨ᠂ ᠤᠳᠤᠷᠢᠳᠬᠤ ᠪᠠᠭ᠂ ᠺᠠᠳ᠋ᠷ | ᠴᠢᠳᠠᠪᠤᠷᠢᠲᠠᠨ ᠤ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠭᠰᠠᠨ ᠵᠢᠴᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠵᠤ᠂ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ | ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ | ᠤᠯᠤᠰ ᠲᠦᠷᠦ ᠶᠢᠨ ᠵᠥᠷᠢᠶ᠎ᠡ ᠶᠢ ᠬᠦᠴᠦᠯᠡᠨ ᠡᠷᠢᠵᠦ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃ | ᠰᠦᠨ ᠱᠤᠤ ᠴᠧᠩ᠂ ᠡᠨᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠣᠯ ᠥᠪᠥᠷ ᠮᠣᠩᠭᠤᠯ ᠳᠤ ᠬᠢᠭᠰᠡᠨ ᠨᠢᠭᠡ ᠤᠳᠠᠭ᠎ᠠ ᠶᠢᠨ ᠪᠦᠭᠦ ᠲᠠᠯ᠎ᠠ ᠶᠢᠨ ᠤᠯᠤᠰ | ᠲᠦᠷᠦ ᠶᠢᠨ ᠪᠠᠶᠢᠴᠠᠭᠠᠯᠲᠠ ᠪᠠ ᠬᠦᠴᠦᠲᠡᠢ ᠠᠵᠢᠯ ᠤᠨ ᠵᠢᠯᠣᠭᠤᠳᠤᠯᠭ᠎ᠠ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠦᠭᠦ | ᠣᠷᠣᠨ ᠤ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠶᠢᠨ ᠬᠦᠴᠦᠲᠡᠢ ᠠᠬᠢᠭᠤᠯᠤᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ | ᠥᠷᠨᠢᠭᠦᠯᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠳᠤ ᠬᠠᠮᠵᠢᠯᠴᠠᠵᠤ᠂ ᠪᠠᠶᠢᠳᠠᠯ ᠢ ᠦᠨᠡᠨ ᠮᠥᠨ ᠢᠶᠠᠷ ᠨᠢ | ᠲᠤᠰᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠲᠦᠷᠭᠡᠨ | ᠰᠠᠶᠢᠵᠢᠷᠠᠭᠤᠯᠬᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ | ᠬᠦᠯᠢᠶᠡᠬᠦ ᠪᠠᠷ ᠠᠵᠠ ᠲᠣᠭᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ︽ᠨᠢᠭᠡ ᠭᠤᠣᠯ ᠰᠢᠵᠢᠮ︾᠂ ︽ᠬᠤᠶᠠᠷ ᠶᠡᠭᠡ | ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠠᠳᠬᠤᠵᠤ᠂ ᠪᠦᠭᠦ | ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠠᠲᠠᠭᠤᠵᠢᠯᠲᠠᠢ ᠠᠵᠢᠯᠯᠠᠨ | ᠪᠣᠳᠠᠲᠠᠢ ᠠᠵᠢᠯᠯᠠᠵᠤ᠂ ᠡᠴᠦᠰ ᠲᠤᠨᠢ ᠲᠤᠯᠲᠠᠯ᠎ᠠ ᠠᠵᠢᠯᠯᠠᠬᠤ ᠬᠡᠷᠡᠭᠲᠡᠢ ᠭᠡᠵᠦ ᠢᠯᠡᠳᠬᠡᠪᠡ᠃ | ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 2 ᠰᠠᠷ᠎ᠠ ᠬᠠᠭᠠᠰ ᠰᠢᠬᠠᠮ ᠠᠵᠢᠯᠯᠠᠬᠤ ᠪᠣᠯᠣᠨ᠎ᠠ | ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠶᠢ ᠲᠣᠬᠢᠷᠠᠭᠤᠯᠪᠠ᠄ 0471 - 4860211᠂ ᠡᠳᠦᠷ ᠪᠦᠷᠢ ᠶᠢᠨ ᠤᠲᠠᠰᠤ ᠶᠢ | ᠭᠥᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠦᠭᠡᠬᠤᠲᠠ ᠶᠢᠨ A880 ᠳ᠋ᠤᠭᠠᠷ ᠵᠠᠬᠢᠳᠠᠯ ᠤᠨ ᠬᠠᠶᠢᠷᠴᠠᠭ᠃ ᠲᠣᠭᠤᠷᠢᠨ ᠪᠠᠶᠢᠴᠠᠭᠠᠬᠤ ᠳᠤᠭᠤᠶᠢᠯᠠᠩ 2025 ᠣᠨ ᠤ 6 ᠰᠠᠷ᠎ᠠ ᠶᠢᠨ 23 | ᠪᠤᠯᠲᠠᠯ᠎ᠠ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠤᠨ ᠲᠣᠭᠲᠠᠭᠠᠯ ᠢ ᠦᠨᠳᠦᠰᠦᠯᠡᠪᠡᠯ | ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠬᠤ ᠪᠠᠭ | ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠣᠯᠣᠨ | ᠭᠤᠣᠯᠳᠠᠯᠭ᠎ᠠ ᠲᠠᠢ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ ᠢ ᠭᠥᠯᠢᠶᠡᠨ ᠠᠪᠴᠤ | ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ | ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠬᠢ ᠢᠯᠡᠴᠢᠯᠡᠨ | ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ | ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠢᠢᠳᠪᠦᠷᠢᠯᠡᠨ᠎ᠡ᠃ |