ᠭᠡᠭᠡᠨ ᠭᠤᠣᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ ᠲᠤᠰᠠᠯᠠᠯᠲᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 2 ᠤᠨ ᠡᠳᠦᠷ᠂ ᠭᠡᠭᠡᠨ ᠭᠤᠤᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠶᠢᠵᠢᠭᠤᠯᠤᠭᠰᠠᠨ ᠥᠬᠡᠶ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠶᠠᠨ ᠿᠥᠩ ᠡᠷᠭᠢᠯᠡᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃    ᠲᠣᠪᠴᠢᠶᠠᠨ ᠳᠠᠷᠤᠭ᠎ᠠ ᠸᠠᠩ ᠶᠠᠨ ᠿᠥᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠨᠡᠶᠢᠭᠡᠮ ᠤᠨ ᠠᠪᠤᠷᠠᠨ ᠲᠤᠰᠠᠯᠠᠬᠤ ᠪᠣᠯ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠶᠢᠵᠢᠭᠤᠯᠤᠭᠰᠠᠨ ᠥᠬᠡᠶ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃    ᠬᠤᠷᠠᠯ ᠠᠴᠠ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ ᠬᠢᠪᠡ᠄ ᠨᠢᠭᠡ ᠳᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠴᠡᠭᠴᠡᠯᠡᠨ ᠵᠠᠰᠠᠬᠤ ᠪᠠᠷ ᠳᠠᠮᠵᠢᠨ᠂ ᠲᠣᠭᠲᠠᠭᠠᠯ ᠶᠣᠰᠣᠭᠠᠷ ᠨᠡᠶᠢᠭᠡᠮ ᠤᠨ ᠠᠪᠤᠷᠠᠨ ᠲᠤᠰᠠᠯᠠᠬᠤ ᠳᠤ ᠣᠷᠣᠭᠤᠯᠤᠭᠰᠠᠨ ᠥᠬᠡᠶ᠂ ᠲᠣᠭᠲᠠᠭᠰᠠᠨ ᠴᠠᠭ ᠤᠨ ᠬᠢᠵᠠᠭᠠᠷ ᠪᠠ ᠵᠣᠭᠤᠰ ᠤᠨ ᠲᠤᠭ᠎ᠠ ᠶᠢᠨ ᠶᠣᠰᠣᠭᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠲᠠᠷᠬᠠᠭᠠᠭᠰᠠᠨ ᠥᠬᠡᠶ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠡᠷᠬᠡ ᠲᠡᠭᠰᠢ ᠲᠥᠪ ᠭᠤᠤᠯᠴᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠥᠪ ᠴᠢᠩᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠢᠶᠠᠨ ᠭᠦᠢᠦᠴᠡᠳᠭᠡᠭᠰᠡᠨ ᠦᠭᠡᠢ ᠰᠠᠯᠠᠭ᠎ᠠ ᠮᠥᠴᠢᠷ ᠪᠣᠯᠤᠨ ᠬᠤᠪᠢ ᠬᠥᠮᠦᠨ ᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠲᠦᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠵᠢᠷᠤᠮᠵᠢᠯᠲᠠ᠂ ᠣᠨᠣᠪᠴᠢᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ