ᠯᠢ ᠬᠠᠢ ᠰᠦᠩ ᠠᠯᠦ᠋ᠩᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ᠄ ᠳᠠᠷᠠᠭᠠᠴᠢ ᠶᠢᠨ ᠠᠯᠬᠤᠮ ᠳᠤ᠂ ᠠᠯᠦ᠋ᠩᠱᠠᠨ ᠪᠠᠯᠭᠠᠰᠤ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠡᠯ᠎ᠡ ᠵᠦᠢᠯ ᠤᠨ ᠠᠵᠢᠯ ᠢ | ᠰᠠᠶᠢᠲᠤᠷ ᠠᠳᠬᠤᠵᠤ ᠪᠣᠳᠠᠲᠠᠢ ᠠᠳᠬᠤᠨ᠎ᠠ᠄ | ᠨᠢᠭᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠢ ᠲᠥᠯᠥᠪᠵᠢᠭᠦᠯᠬᠦ᠂ ᠠᠵᠤ ᠦᠢᠯᠡᠰ ᠢ ᠬᠥᠭᠵᠢᠭᠦᠯᠬᠦ ᠠᠵᠢᠯ ᠤᠨ ᠳᠤᠮᠳᠠ᠂ | ᠤᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠪᠠᠷᠢᠮᠲᠠᠯᠠᠵᠤ᠂ ᠥᠷᠭᠡᠨ ᠢᠶᠠᠷ ᠪᠠᠶᠢᠴᠠᠭᠠᠨ ᠰᠤᠳᠤᠯᠬᠤ ᠶᠢ ᠦᠨᠡᠨᠬᠦ ᠥᠷᠨᠢᠭᠦᠯᠵᠦ᠂ ᠪᠣᠳᠠᠲᠠᠢ ᠠᠷᠭ᠎ᠠ ᠬᠡᠮᠵᠢᠶ᠎ᠡ | ᠠᠪᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠠᠷᠠᠳ ᠲᠦᠮᠡᠨ ᠤ ᠬᠦᠰᠡᠯ ᠰᠠᠨᠠᠭ᠎ᠠ ᠶᠢ | ᠦᠨᠡᠨ ᠬᠦ ᠢᠯᠡᠷᠡᠭᠦᠯᠬᠦ ᠶᠢ ᠪᠠᠲᠤᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠶᠠᠷ ᠲᠤ᠂ ᠠᠷᠠᠳ ᠣᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠦᠷᠭᠦᠯᠵᠢᠯᠡᠨ | ᠠᠩᠬᠠᠷᠤᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠠᠬᠢ | ᠣᠷᠣᠭᠤᠯᠤᠯᠲᠠ ᠶᠢ ᠨᠡᠮᠡᠭᠳᠡᠭᠦᠯᠦᠨ᠂ ᠪᠠᠯᠭᠠᠰᠤ ᠲᠣᠭᠤᠷᠢᠭ ᠤᠨ ᠵᠠᠮ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ | ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠠᠪᠴᠢᠷᠠᠭᠰᠠᠨ ᠪᠣᠳᠠᠲᠤ ᠠᠰᠢᠭ ᠲᠤᠰᠠ ᠶᠢ ᠦᠨᠡᠨ ᠬᠦ ᠬᠦᠷᠲᠡᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ | ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩ ᠳᠠᠳᠬᠠᠯ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ᠂ ᠪᠠᠯᠭᠠᠰᠤ ᠲᠣᠭᠤᠷᠢᠭ ᠤᠨ ᠨᠣᠭᠤᠭᠠᠷᠠᠭᠤᠯᠤᠯᠲᠠ ᠭᠤᠶᠤᠵᠢᠭᠤᠯᠤᠯᠲᠠ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠬᠠᠮᠢᠶᠠᠷᠤᠯᠲᠠ᠂ | ᠡᠪᠦᠯ ᠤᠨ ᠤᠯᠠᠷᠢᠯ ᠤᠨ ᠬᠤᠷᠠᠭᠰᠠᠨ ᠴᠠᠰᠤ ᠶᠢ ᠠᠷᠢᠯᠭᠠᠬᠤ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠵᠤ᠂ ᠪᠠᠯᠭᠠᠰᠤᠨ ᠤ ᠰᠠᠭᠤᠭ᠎ᠠ ᠠᠵᠤ ᠠᠬᠤᠶᠢᠯᠠᠯ ᠲᠠᠢ | ᠬᠤᠯᠪᠣᠭᠠᠯᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ᠃ | ᠡᠴᠦᠰ ᠲᠤ᠂ ᠪᠢᠳᠡ ᠬᠠᠷᠢᠭᠤᠴᠠᠯᠭᠠᠲᠤ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠨ᠎ᠠ᠃ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ | ᠢᠯᠭᠠᠨ ᠲᠠᠨᠢᠬᠤ ᠴᠢᠳᠠᠪᠤᠷᠢ ᠶᠢ ᠴᠢᠩᠭᠠᠳᠬᠠᠨ᠎ᠠ᠃ ᠰᠠᠬᠢᠯᠭ᠎ᠠ ᠪᠠᠲᠤ ᠶᠢᠨ ᠦᠵᠡᠯᠲᠡ ᠪᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠯᠭᠠᠨ᠎ᠠ᠃ | ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠵᠣᠷᠢᠭ ᠰᠠᠨᠠᠭ᠎ᠠ ᠪᠠᠷ ᠠᠵᠢᠯ ᠢᠶᠠᠨ | ᠥᠷᠨᠢᠭᠦᠯᠵᠦ᠂ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠪᠣᠳᠠᠲᠠᠢ ᠶᠢ ᠡᠷᠬᠢᠮᠯᠡᠨ ᠲᠡᠮᠡᠴᠡᠵᠦ᠂ ᠭᠡᠭᠡᠨ | ᠭᠤᠣᠯ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠨᠠᠶᠢᠷᠠᠭᠤᠯᠤᠭᠴᠢ᠄ ᠸᠠᠩ ᠯᠠᠨ ᠯᠠᠨ | ᠰᠦᠯᠵᠢᠶᠡᠨ ᠤ ᠬᠢᠨᠠᠭᠴᠢ᠄ ᠭᠦ᠋ ᠶᠦᠨ ᠰᠧᠨ | ᠶᠡᠷᠦᠩᠬᠡᠢ ᠬᠢᠨᠠᠭᠴᠢ᠄ ᠵᠠᠩ ᠰᠢᠩ ᠸᠧᠢ |