ᠭᠦᠳᠡᠯᠮᠦᠷᠢ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠵᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠰᠤᠭᠠᠢ
ᠨᠡᠶᠢᠲᠡᠯᠡᠭᠰᠡᠨ ᠴᠠᠭ᠄
2025/5/14
   ᠡᠨᠡ ᠪᠣᠯ ᠬᠥᠳᠡᠯᠮᠦᠷᠢᠴᠢᠳ ᠲᠤ ᠵᠣᠷᠢᠭᠤᠯᠤᠭᠰᠠᠨ ᠡᠷᠬᠢᠮ ᠳᠡᠭᠡᠳᠦ ᠴᠠᠭ ᠮᠥᠴᠡ᠃ ᠥᠴᠥᠭᠡᠳᠦᠷ᠂ ᠪᠦᠭᠦ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠵᠤ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠨᠢᠭᠡ ᠲᠠᠩᠬᠢᠮ ᠳᠤ ᠴᠤᠭᠯᠠᠷᠠᠵᠤ᠂ ᠭᠢᠯᠠᠯᠵᠠᠭᠰᠠᠨ ᠮᠧᠳᠠᠯ  ᠢᠶᠠᠷ ᠡᠩᠭᠡᠷ ᠢᠶᠠᠨ ᠮᠢᠯᠢᠶᠠᠯᠭᠠᠨ᠂ ᠬᠥᠳᠡᠯᠮᠦᠷᠢᠴᠢᠳ ᠤᠨ ᠡᠷᠬᠢᠮ ᠳᠡᠭᠡᠳᠦ ᠢᠷᠠᠭᠤ ᠠᠯᠳᠠᠷ ᠢ ᠭᠦᠷᠳᠡᠪᠡ᠃ ᠪᠢᠳᠡ ᠬᠥᠬᠢᠭᠦᠯᠦᠭᠳᠡᠨ ᠰᠠᠶᠢᠰᠢᠶᠠᠭᠳᠠᠭᠰᠠᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠣᠷᠣᠨ ᠤ ᠡᠯ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃     ᠭᠦᠳᠡᠯᠮᠦᠷᠢ ᠪᠠᠷ ᠵᠣᠯ ᠵᠢᠷᠭᠠᠯ ᠢ ᠡᠭᠦᠳᠴᠦ᠂ ᠪᠣᠳᠠᠲᠠᠢ ᠠᠵᠢᠯᠯᠠᠵᠤ ᠠᠭᠤᠤ ᠦᠢᠯᠡᠰ ᠢ ᠪᠦᠲᠦᠭᠡᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠮᠠᠭᠲᠠ ᠬᠥᠳᠡᠯᠮᠦᠷᠢᠴᠢᠨ ᠲᠦᠮᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠭᠰᠠᠭᠠᠷ ᠢᠷᠠᠵᠠᠢ᠂ ᠶᠡᠷᠦᠩᠬᠡᠢ ᠱᠦᠵᠢ ᠰᠢ ᠶᠢᠨ ᠫᠢᠩ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠡᠢ᠃ ᠡᠲᠡᠭᠡᠷ ᠴᠢᠬᠤᠯᠠ ᠥᠭᠦᠯᠡᠯᠲᠡ ᠨᠢ ᠬᠦᠨᠳᠦ ᠴᠢᠬᠤᠯᠠ ᠪᠥᠭᠡᠳ ᠠᠯᠤᠰ ᠭᠡᠲᠦ ᠶᠢᠨ ᠣᠨᠣᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠦᠨ᠎ᠡ ᠥᠷᠲᠡᠭ ᠲᠠᠢ ᠪᠠᠶᠢᠵᠤ᠂ ᠰᠢᠨ᠎ᠡ ᠴᠠᠭ ᠦᠶ᠎ᠡ ᠳᠤ ᠬᠥᠳᠡᠯᠮᠦᠷᠢᠴᠢᠨ ᠲᠦᠮᠡᠨ ᠤ ᠭᠤᠣᠯ ᠬᠦᠴᠦᠨ ᠴᠡᠷᠢᠭ ᠤᠨ ᠦᠢᠯᠡᠳᠦᠯ ᠢ ᠪᠠᠳᠠᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠣᠳᠣᠬᠠᠨ ᠳᠤ᠂ ᠪᠦᠭᠦ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ ᠪᠤᠢ᠃ ᠢᠯᠠᠩᠭᠤᠶ᠎ᠠ ᠥᠷᠭᠡᠨ ᠤᠯᠠᠨ ᠠᠵᠤ ᠦᠢᠯᠡᠰ ᠤᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠠᠶᠢᠲᠤᠷ ᠡᠵᠡᠨ ᠬᠥᠮᠥᠨ ᠪᠣᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠡᠯ᠎ᠡ ᠹᠷᠣᠨᠲ ᠲᠤ ᠲᠠᠭᠢᠨ ᠰᠠᠶᠢᠨ ᠠᠮᠵᠢᠯᠲᠠ ᠭᠠᠷᠭᠠᠵᠤ᠂ ᠲᠠᠭᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠱᠠᠭᠠᠷᠳᠠᠵᠤ ᠪᠠᠶᠢᠨ᠎ᠠ᠃     ᠥᠪᠥᠷ ᠮᠣᠩᠭᠤᠯ ᠤᠨ ᠬᠥᠮᠥᠰ ᠶᠡᠷᠦ ᠠᠴᠠ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠲᠡᠮᠡᠴᠡᠯ ᠤᠨ ᠵᠣᠷᠢᠭ ᠲᠠᠢ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠲᠡᠮᠡᠴᠡᠯ ᠤᠨ ᠵᠣᠷᠢᠭ ᠲᠠᠢ ᠶᠤᠮ᠃ ᠣᠶᠢᠷ᠎ᠠ ᠶᠢᠨ ᠵᠢᠯ ᠳᠤ᠂ ᠪᠦᠭᠦ ᠣᠷᠣᠨ ᠤ ᠥᠷᠭᠡᠨ ᠤᠯᠠᠨ ᠠᠵᠤ ᠦᠢᠯᠡᠰ ᠤᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠤᠯᠤᠰ ᠭᠦᠷᠤᠨ ᠲᠠᠢ ᠪᠠᠨ ᠰᠡᠳᠬᠢᠯ ᠨᠢᠭᠡᠳᠴᠦ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠨᠠᠷᠠᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠰᠡᠨ ᠭᠦᠳᠡᠯᠮᠦᠷᠢ ᠶᠢᠨ ᠮᠠᠭᠲᠠᠭᠠᠯ ᠳᠠᠭᠤᠤ ᠨᠤᠭᠤᠳ ᠢ ᠪᠢᠴᠢᠭᠯᠡᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠪᠣᠯᠣᠨ ᠵᠢᠱᠢᠶᠡᠴᠢ ᠬᠥᠮᠥᠰ ᠴᠣᠯᠭᠤᠷᠠᠨ ᠭᠠᠷᠴᠠᠢ᠃ ᠡᠨᠡ ᠤᠳᠠᠭ᠎ᠠ ᠬᠥᠬᠢᠭᠦᠯᠦᠭᠳᠡᠨ ᠰᠠᠶᠢᠰᠢᠶᠠᠭᠳᠠᠭᠰᠠᠨ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠳᠠᠷᠤᠢ ᠡᠯ᠎ᠡ ᠠᠵᠢᠯ ᠲᠦᠷᠦᠯ ᠳᠤ᠂ ᠡᠯ᠎ᠡ ᠬᠦᠷᠢᠶᠡᠨ ᠳᠤ ᠠᠵᠢᠯᠯᠠᠵᠤ ᠪᠠᠶᠢᠭ᠎ᠠ ᠲᠦᠭ ᠲᠦᠮᠡᠨ ᠬᠥᠳᠡᠯᠮᠦᠷᠢᠴᠢᠨ ᠲᠦᠮᠡᠨ ᠤ ᠭᠠᠷᠮᠠᠭᠠᠢ ᠲᠥᠯᠥᠭᠡᠯᠡᠭᠴᠢ ᠮᠥᠨ᠃ ᠢᠷᠠᠭᠤ ᠠᠯᠳᠠᠷ ᠣᠯᠭᠤᠵᠤ ᠪᠠᠶᠢᠭ᠎ᠠ ᠨᠢ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠶᠢᠨ ᠮᠠᠭᠲᠠᠭᠠᠯ ᠶᠤᠮ᠂ ᠨᠡᠩ ᠴᠤ ᠪᠦᠭᠦ ᠣᠷᠣᠨ ᠤ ᠥᠷᠭᠡᠨ ᠤᠯᠠᠨ ᠠᠵᠤ ᠦᠢᠯᠡᠰ ᠤᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠪᠤᠯᠬᠤ ᠪᠠᠷ ᠴᠢᠷᠮᠠᠶᠢᠵᠤ᠂ ᠣᠮᠤᠭ ᠲᠡᠭᠦᠯᠳᠡᠷ ᠢᠶᠠᠷ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠵᠠᠮ ᠢᠶᠠᠷ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠵᠤ ᠪᠠᠶᠢᠭ᠎ᠠ ᠶᠤᠮ᠃     ᠨᠡᠶᠢᠭᠡᠮ ᠵᠢᠷᠤᠮ ᠢ ᠪᠣᠯ ᠲᠡᠮᠡᠴᠡᠵᠦ ᠪᠠᠶᠢᠭᠠᠳ ᠪᠠᠶᠢᠭᠤᠯᠤᠭᠰᠠᠨ ᠶᠤᠮ᠂ ᠰᠢᠨ᠎ᠡ ᠴᠠᠭ ᠦᠶ᠎ᠡ ᠶᠢ ᠪᠣᠯ ᠲᠡᠮᠡᠴᠡᠵᠦ ᠪᠠᠶᠢᠭᠠᠳ ᠣᠯᠣᠭᠰᠠᠨ ᠶᠤᠮ᠃ ᠰᠠᠶᠢᠨ ᠰᠠᠶᠢᠬᠠᠨ ᠵᠢᠷᠤᠭ ᠲᠥᠰᠥᠪ ᠢ ᠠᠭᠤᠤ ᠶᠡᠭᠡ ᠪᠣᠳᠠᠲᠤ ᠠᠬᠤᠢ ᠪᠣᠯᠭᠠᠨ ᠬᠤᠪᠢᠷᠠᠭᠤᠯᠬᠤ ᠰᠢᠨ᠎ᠡ ᠠᠶᠠᠨ ᠳᠤ᠂ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠱᠠᠭᠠᠷᠳᠠᠭᠳᠠᠬᠤ ᠪᠠᠷ ᠪᠠᠷᠠᠬᠤ ᠦᠭᠡᠢ ᠪᠠᠰᠠ ᠬᠥᠳᠡᠯᠮᠦᠷᠢᠴᠢᠨ ᠨᠢᠭᠡᠪᠦᠷᠢ ᠶᠢᠨ ᠣᠷᠤᠯᠴᠠᠬᠤ ᠶᠢ ᠱᠠᠭᠠᠷᠳᠠᠨ᠎ᠠ᠃ ᠪᠢᠳᠡ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠠᠬᠢᠭᠤᠯᠤᠭᠴᠢ᠂ ᠦᠨᠳᠦᠰᠦᠲᠡᠨ ᠤ ᠪᠦᠯᠬᠦᠮᠳᠡᠯ ᠤᠨ ᠠᠬᠢᠭᠤᠯᠤᠭᠴᠢ ᠪᠤᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤᠮᠳᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠴᠢᠳᠠᠪᠤᠷᠢ ᠪᠠᠨ ᠪᠠᠳᠠᠷᠠᠭᠤᠯᠵᠤ᠂ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠢ᠃ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠲᠠᠰᠤᠷᠠᠯᠲᠠ ᠦᠭᠡᠢ ᠰᠢᠨ᠎ᠡ ᠮᠡᠳᠡᠯᠭᠡ ᠣᠯᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠦᠨᠡᠨ ᠴᠢᠳᠠᠪᠤᠷᠢ ᠪᠠ ᠣᠷᠦ᠋ᠢᠯᠠᠭᠰᠠᠨ ᠴᠢᠳᠠᠪᠤᠷᠢ ᠪᠠᠨ ᠪᠤᠯᠪᠠᠰᠤᠷᠠᠭᠤᠯᠵᠤ᠂ ᠠᠵᠢᠯ ᠮᠡᠷᠭᠡᠵᠢᠯ ᠤᠨ ᠠᠮᠢᠳᠤᠷᠠᠯ ᠢᠶᠠᠨ ᠭᠡᠷᠡᠯ ᠭᠢᠯᠪᠠᠭ᠎ᠠ ᠲᠠᠢ ᠪᠤᠯᠭᠠᠵᠤ᠂ ᠥᠪᠥᠷ ᠮᠣᠩᠭᠤᠯ ᠤᠨ ᠬᠥᠭᠵᠢᠯᠲᠡ ᠳᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ᠃     ︽ᠬᠤᠶᠢᠷᠭᠤᠰᠢᠬᠤ ᠦᠭᠡᠢ ᠪᠣᠯᠪᠠᠰᠤ ᠤᠯᠠᠨ ᠤ ᠰᠠᠶᠢᠨ ᠪᠠᠭᠰᠢ ᠪᠤᠯᠠᠢ︾᠃ ᠭᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠨᠠᠷ ᠪᠣᠯ ᠬᠥᠳᠡᠯᠮᠦᠷᠢᠴᠢᠨ ᠲᠦᠮᠡᠨ ᠤ ᠭᠠᠷᠮᠠᠭᠠᠢ ᠲᠥᠯᠥᠭᠡᠯᠡᠭᠴᠢ ᠮᠥᠨ᠂ ᠨᠡᠩ ᠴᠤ ᠥᠷᠭᠡᠨ ᠤᠯᠠᠨ ᠬᠥᠳᠡᠯᠮᠦᠷᠢᠴᠢᠨ ᠤ ᠰᠤᠷᠤᠯᠴᠠᠬᠤ ᠰᠠᠶᠢᠨ ᠳᠠᠭᠤᠷᠢᠶᠠᠯ ᠮᠥᠨ᠃ ᠥᠷᠭᠡᠨ ᠤᠯᠠᠨ ᠬᠥᠳᠡᠯᠮᠦᠷᠢᠴᠢᠨ ᠲᠦᠮᠡᠨ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠡᠷᠬᠢᠮ ᠳᠡᠭᠡᠳᠦ ᠵᠣᠷᠢᠭ ᠰᠠᠨᠠᠭ᠎ᠠ ᠪᠠ ᠡᠷᠬᠢᠮ ᠳᠡᠭᠡᠳᠦ ᠵᠠᠩ ᠰᠤᠷᠲᠠᠯ ᠢᠶᠠᠷ ᠥᠪᠡᠷ ᠢ ᠪᠠᠨ ᠱᠠᠭᠠᠷᠳᠠᠬᠤ ᠶᠢ ᠪᠠᠷᠢᠮᠲᠠᠯᠠᠵᠤ᠂ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ ᠪᠠ ᠪᠦᠲᠦᠭᠡᠯᠴᠢ ᠭᠦᠳᠡᠯᠮᠦᠷᠢ ᠶᠢ ᠤᠬᠠᠮᠰᠠᠷᠲᠤ ᠠᠵᠢᠯᠯᠠᠭ᠎ᠠ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠦᠳᠡᠯᠮᠦᠷᠢ ᠶᠢᠨ ᠵᠢᠱᠢᠶᠡᠴᠢ ᠶᠢ ᠭᠦᠨᠳᠦᠳᠭᠡᠵᠦ᠂ ᠭᠦᠳᠡᠯᠮᠦᠷᠢ ᠶᠢᠨ ᠵᠢᠱᠢᠶᠡᠴᠢ ᠶᠢ ᠬᠠᠶᠢᠷᠠᠯᠠᠨ ᠬᠠᠯᠠᠮᠵᠢᠯᠠᠵᠤ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ ᠥᠭᠴᠦ ᠳᠡᠮᠵᠢᠯᠭᠡ ᠬᠠᠩᠭᠠᠬᠤ ᠬᠡᠷᠡᠭᠲᠡᠢ᠃ ᠪᠦᠭᠦ ᠨᠡᠶᠢᠭᠡᠮ ᠢᠶᠠᠷ ᠢᠶᠠᠨ ᠭᠦᠳᠡᠯᠮᠦᠷᠢ ᠶᠢ ᠡᠷᠬᠢᠮᠯᠡᠨ᠂ ᠡᠷᠳᠡᠮᠲᠡᠨ ᠮᠡᠷᠭᠡᠳ ᠠᠴᠠ ᠰᠤᠷᠤᠯᠴᠠᠵᠤ᠂ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠦᠳᠡᠯᠮᠦᠷᠢ ᠶᠢᠨ ᠵᠢᠱᠢᠶᠡᠴᠢ ᠶᠢᠨ ᠥᠯᠢᠭᠡᠷ ᠢ ᠰᠠᠶᠢᠲᠤᠷ ᠶᠠᠷᠢᠵᠤ᠂ ᠭᠦᠳᠡᠯᠮᠦᠷᠢ ᠶᠢᠨ ᠥᠯᠢᠭᠡᠷ ᠢ ᠰᠠᠶᠢᠲᠤᠷ ᠶᠠᠷᠢᠵᠤ᠂ ᠤᠷᠠᠨ ᠳᠠᠷᠬᠠᠨ ᠤ ᠥᠯᠢᠭᠡᠷ ᠢ ᠰᠠᠶᠢᠲᠤᠷ ᠶᠠᠷᠢᠵᠤ᠂ ᠭᠦᠳᠡᠯᠮᠦᠷᠢ ᠬᠠᠮᠤᠭ ᠤᠨ ᠥᠩᠭᠡ ᠭᠡᠷᠡᠯ ᠲᠠᠢ᠂ ᠭᠦᠳᠡᠯᠮᠦᠷᠢ ᠬᠠᠮᠤᠭ ᠤᠨ ᠡᠷᠬᠢᠮ ᠳᠡᠭᠡᠳᠦ᠂ ᠭᠦᠳᠡᠯᠮᠦᠷᠢ ᠬᠠᠮᠤᠭ ᠤᠨ ᠠᠭᠤᠤ ᠶᠡᠭᠡ᠂ ᠭᠦᠳᠡᠯᠮᠦᠷᠢ ᠬᠠᠮᠤᠭ ᠤᠨ ᠭᠤᠶᠣ ᠰᠠᠶᠢᠬᠠᠨ ᠭᠡᠳᠡᠭ ᠢ ᠰᠠᠶᠢᠲᠤᠷ ᠶᠠᠷᠢᠬᠤ ᠪᠠᠷ ᠬᠡᠪ ᠵᠠᠩᠰᠢᠯ ᠪᠤᠯᠭᠠᠵᠤ᠂ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠤᠮᠠᠷᠠᠲᠤ ᠬᠢᠯᠢ ᠶᠢᠨ ᠬᠠᠮᠤᠭ ᠤᠨ ᠭᠤᠶᠣ ᠦᠵᠡᠮᠵᠢ ᠪᠤᠯᠭᠠᠬᠤ ᠬᠡᠷᠡᠭᠲᠡᠢ᠃     ᠢᠷᠠᠭᠤ ᠠᠯᠳᠠᠷ ᠠᠷᠠᠳ ᠲᠦᠮᠡᠨ ᠤ ᠬᠢ᠂ ᠲᠡᠮᠡᠴᠡᠯ ᠬᠡᠵᠢᠶᠡᠳᠡ ᠳᠠᠭᠤᠰᠤᠰᠢ ᠦᠭᠡᠢ᠃ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ᠂ ︽ᠤᠮᠠᠷᠠᠲᠤ ᠬᠢᠯᠢ ᠶᠢᠨ ᠤᠷᠠᠨ ᠳᠠᠷᠬᠠᠨ︾ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠭᠤᠮᠢ ᠶᠢ ᠡᠪᠳᠡᠪᠡ ; ᠦᠢᠯᠡᠳᠪᠦᠷᠢᠯᠡᠯ ᠤᠨ ᠱᠤᠭᠤᠮ ᠳᠡᠭᠡᠷ᠎ᠡ᠂ ᠠᠵᠤ ᠦᠢᠯᠡᠰ ᠤᠨ ᠠᠵᠢᠯᠴᠢᠨ ᠡᠭᠦᠷᠭᠡ ᠬᠦᠯᠢᠶᠡᠵᠦ᠂ ᠵᠠᠬᠢᠶᠠᠯᠠᠭ᠎ᠠ ᠶᠢ ᠪᠠᠲᠤᠯᠠᠨ᠎ᠠ ; ᠥᠩ ᠰᠢᠮᠡᠯᠢᠭ ᠲᠠᠷᠢᠶᠠᠨ ᠭᠠᠵᠠᠷ ᠲᠤ᠂ ᠥᠷᠭᠡᠨ ᠤᠯᠠᠨ ︽ᠰᠢᠨ᠎ᠡ ᠲᠠᠷᠢᠶᠠᠴᠢᠨ︾ ᠲᠠᠷᠢᠶᠠᠯᠠᠬᠤ ᠴᠠᠭ ᠢ ᠵᠠᠪᠳᠤᠨ᠂ ᠦᠢᠯᠡᠳᠪᠦᠷᠢᠯᠡᠯ ᠢ ᠠᠳᠬᠤᠨ᠎ᠠ ᠁ ᠤᠮᠠᠷᠠᠲᠤ ᠬᠢᠯᠢ ᠶᠢᠨ ᠡᠬᠡ ᠭᠠᠵᠠᠷ ᠳᠡᠭᠡᠷ᠎ᠡ᠂ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠶᠠᠭ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠦᠵᠡᠭᠦᠯᠦᠭᠰᠡᠨ ᠡᠷᠡᠯᠬᠡᠭᠯᠡᠨ ᠤᠷᠤᠭᠰᠢᠯᠠᠭᠰᠠᠨ ᠦᠯᠢᠭᠡᠷ ᠢ ᠪᠢᠴᠢᠭᠯᠡᠵᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢᠶᠠᠷ ᠬᠡᠪ ᠳᠠᠭᠤᠷᠢᠶᠠᠯ ᠪᠤᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠪᠠᠯ᠂ ᠪᠢᠳᠡ ᠯᠠᠪᠳᠠᠶ᠎ᠠ ᠭᠦᠳᠡᠯᠮᠦᠷᠢ ᠪᠠᠷ ᠢᠶᠠᠨ ᠭᠤᠶᠢᠳᠠ ᠰᠠᠶᠢᠬᠠᠨ ᠴᠠᠭ ᠦᠶ᠎ᠡ ᠶᠢᠨ ᠬᠠᠭᠤᠳᠠᠰᠤ ᠶᠢ ᠵᠢᠷᠤᠭᠯᠠᠵᠤ᠂ ᠲᠡᠮᠡᠴᠡᠯ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ︕
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ