ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠣᠶᠢᠷᠠᠳᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠦᠨᠡᠨᠬᠦ ᠴᠢᠩᠭᠠᠳᠬᠠᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠶᠢᠨ | ᠲᠦᠯᠦᠭᠡ᠂ ᠭᠡᠭᠡᠨ ᠭᠤᠣᠯ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ ᠬᠠᠷᠢᠶ᠎ᠠ ᠣᠷᠣᠨ ᠤ ᠪᠠᠨ | ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠳᠤ ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠢ ᠠᠶᠤᠯᠭᠦᠢ | ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠨᠢ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ | ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠳᠠᠭᠠᠭᠤᠯᠤᠨ᠂ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠰᠤᠷᠭᠠᠭᠤᠯᠢ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠷᠬᠠᠭᠠᠯᠲᠠ ᠶᠢᠨ ᠵᠢᠭᠠᠪᠤᠷᠢ ᠶᠢᠨ ᠲᠡᠮᠳᠡᠭ᠂ ᠭᠠᠯ ᠤᠨᠲᠠᠷᠠᠭᠠᠬᠤ | ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠲᠣᠭᠲᠠᠭᠠᠯ ᠳᠤ ᠨᠡᠶᠢᠴᠡᠬᠦ ᠡᠰᠡᠬᠦ᠂ ᠠᠮᠤᠷ ᠲᠦᠪᠰᠢᠨ ᠤ ᠲᠦᠷᠢᠮ ᠢ ᠬᠡᠷᠡᠮ ᠳᠤ ᠭᠠᠷᠭᠠᠭᠰᠠᠨ ᠡᠰᠡᠬᠦ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠭᠰᠡᠨ ᠡᠰᠡᠬᠦ ᠵᠡᠷᠭᠡ ᠳᠤ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠯᠲᠠ ᠬᠢᠪᠠ᠃ | ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠪᠣᠯᠪᠠᠰᠤᠷᠠᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠳᠤ ᠴᠢᠬᠤᠯᠠᠴᠢᠯᠠᠭᠰᠠᠨ ᠨᠢ᠂ | ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠡᠮ ᠰᠣᠭᠤᠭ ᠪᠣᠯ ᠳᠠᠷᠤᠢ ᠠᠳᠡᠯ ᠮᠥᠨ | ︾ ᠭᠡᠬᠦ ᠠᠶᠤᠯ ᠲᠦᠭᠰᠢᠭᠦᠷᠢ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠶᠠᠷ ᠤᠨ | ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠵᠤ᠂ ᠡᠯ᠎ᠡ ᠲᠦᠷᠦᠯ ᠤᠨ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ ᠪᠠᠶᠠᠷ ᠤᠨ ᠡᠳᠦᠷ ᠤᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠮᠤᠷ ᠲᠦᠪᠰᠢᠨ ᠢ ᠪᠠᠶᠢᠩᠭᠤ ᠠᠳᠬᠤᠵᠤ᠂ ᠭᠡᠭᠡᠨ ᠭᠤᠣᠯ ᠤᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠯᠭ᠎ᠠ ᠶᠢᠨ ᠬᠡᠯᠬᠢᠶ᠎ᠡ ᠶᠢ ᠦᠷᠭᠦᠯᠵᠢᠯᠡᠨ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠤᠯᠠᠨ ᠲᠠᠯ᠎ᠠ ᠠᠴᠠ ᠪᠠᠶᠢᠴᠠᠭᠠᠬᠤ ᠪᠠᠷ ᠳᠠᠮᠵᠢᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ |