ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠡᠭᠡᠨ ᠭᠤᠣᠯ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/5/15
    ᠲᠦᠷᠦᠭᠦᠬᠡᠨ᠂ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠡᠭᠡᠨ ᠭᠤᠤᠯ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃    ᠬᠤᠷᠠᠯ ᠠᠴᠠ ᠮᠠᠨ ᠤ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠨᠢᠭᠡᠳᠦᠯᠲᠡᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠴᠡᠭᠡᠵᠢᠯᠡᠵᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠬᠠᠷᠠᠯᠲᠠ ᠲᠡᠰᠢ ᠲᠠᠬᠢᠨ ᠤᠷᠤᠭᠰᠢᠯᠠᠵᠤ᠂ ᠪᠦᠬᠦ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ︽ᠪᠠᠴᠢᠮᠳᠠᠵᠤ ᠵᠤᠪᠠᠨᠢᠵᠤ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ᠵᠣᠣ ᠨᠠ᠂ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ᠄ ᠠᠵᠢᠯ ᠤᠨ ᠢᠯᠡᠳᠬᠡᠯ ᠳᠤ ᠦᠨᠡᠨ ᠠᠴᠠ ᠵᠥᠪ ᠢ ᠡᠷᠢᠵᠦ ᠠᠮᠵᠢᠯᠲᠠ ᠪᠦᠲᠦᠮᠵᠢ ᠶᠢ ᠡᠷᠬᠢᠮᠯᠡᠵᠦ᠂ ᠥᠩᠭᠡᠷᠡᠭᠰᠡᠨ ᠨᠢᠭᠡ ᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠢᠯᠡᠷᠡᠭᠦᠯᠵᠦ᠂ ᠢᠲᠡᠭᠡᠯ ᠵᠣᠷᠢᠭ ᠢ ᠪᠦᠬᠦ ᠲᠠᠯ᠎ᠠ ᠪᠠᠷ ᠬᠦᠪᠴᠢᠯᠡᠨ᠂ ᠬᠥᠭᠵᠢᠯᠲᠡ ᠶᠢ ᠶᠡᠬᠡᠪᠡᠷ ᠠᠳᠬᠤᠬᠤ ᠡᠷᠡᠰ ᠪᠠᠲᠤ ᠣᠪᠣᠷ ᠢ ᠢᠯᠡᠷᠡᠭᠦᠯᠵᠦ᠂ ᠮᠡᠳᠡᠭᠦᠯᠦᠯᠲᠡ ᠳᠤ ᠪᠣᠳᠠᠲᠠᠢ ᠶᠢ ᠡᠷᠬᠢᠮᠯᠡᠭᠰᠡᠨ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠨᠢ ᠮᠠᠨ ᠤ ᠦᠨᠳᠦᠰᠦᠨ ᠱᠠᠲᠤᠨ ᠤ ᠠᠵᠢᠯ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠵᠠᠯᠭᠠᠭᠠᠳ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠷᠢᠶ᠎ᠠ ᠣᠷᠣᠨ ᠤ ᠤᠯᠠᠨ ᠲᠦᠮᠡᠨ ᠳᠤ ᠦᠷᠭᠦᠯᠵᠢᠯᠡᠨ ᠦᠢᠯᠡᠴᠢᠯᠡᠵᠦ᠂ ᠤᠯᠠᠨ ᠲᠦᠮᠡᠨ ᠤ ︽ᠪᠠᠴᠢᠮᠳᠠᠵᠤ ᠵᠤᠪᠠᠨᠢᠵᠤ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ