— ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠲᠤ ᠵᠣᠷᠢᠭᠤᠯᠪᠠ | ᠢᠷᠠᠭᠤ ᠠᠯᠳᠠᠷ ᠪᠣᠯ ᠬᠥᠳᠡᠯᠮᠦᠷᠢᠴᠢᠳ ᠤᠨ ᠬᠢ᠂ ᠵᠣᠯ ᠵᠢᠷᠭᠠᠯ ᠪᠣᠯ ᠬᠥᠳᠡᠯᠮᠦᠷᠢᠴᠢᠳ ᠤᠨ ᠬᠢ᠃ | ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠥᠪᠥᠷ ᠮᠣᠩᠭᠤᠯ ᠤᠨ ᠨᠢᠭᠡ ᠪᠦᠯᠦᠭ ᠲᠡᠷᠢᠭᠦᠨ ᠤ ᠵᠢᠱᠢᠶᠡᠴᠢ ᠬᠥᠮᠥᠰ ᠭᠡᠷᠡᠯ | ᠰᠠᠴᠤᠷᠠᠩᠭᠤᠢ ᠴᠠᠭ ᠮᠥᠴᠡ ᠪᠠᠨ ᠤᠭᠲᠤᠨ ᠠᠪᠤᠯ᠎ᠠ᠃ ᠲᠠᠳᠠ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠡᠷᠡᠰ ᠰᠢᠭᠤᠷᠬᠠᠢ ᠪᠠᠷ | ᠤᠷᠤᠭᠰᠢᠯᠠᠨ ᠳᠡᠪᠰᠢᠵᠦ᠂ ᠥᠪᠡᠷ ᠢ ᠪᠠᠨ ᠤᠮᠠᠷᠲᠠᠨ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠪᠤᠰᠤᠳ ᠠᠴᠠ ᠲᠦᠷᠦᠭᠦᠯᠡᠵᠦ᠂ ᠥᠪᠡᠷ ᠤᠨ ᠵᠢᠱᠢᠶᠡᠴᠢ ᠠᠵᠢᠯᠯᠠᠭ᠎ᠠ | ᠪᠠ ᠡᠷᠬᠢᠮ ᠳᠡᠭᠡᠳᠦ ᠵᠠᠩ ᠰᠤᠷᠲᠠᠯ ᠢᠶᠠᠷ ᠢᠶᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠡᠯ᠎ᠡ ᠠᠵᠢᠯ ᠲᠥᠷᠥᠯ ᠳᠤ ᠬᠦᠴᠦᠯᠡᠨ ᠲᠡᠮᠡᠴᠡᠵᠦ ᠪᠠᠶᠢᠭ᠎ᠠ ᠲᠦᠭ ᠲᠦᠮᠡᠨ | ᠬᠥᠳᠡᠯᠮᠦᠷᠢᠴᠢᠨ ᠲᠦᠮᠡᠨ ᠤ ᠳᠤᠮᠳᠠᠬᠢ ᠭᠠᠷᠮᠠᠭᠠᠢ ᠲᠥᠯᠥᠭᠡᠯᠡᠭᠴᠢ ᠪᠣᠯᠤᠭᠰᠠᠨ ᠪᠠᠶᠢᠨ᠎ᠠ᠃ | ᠯᠢᠦ ᠬᠤᠸᠠ᠂ ᠸᠠᠩ ᠵᠢᠶᠠᠨ ᠴᠢᠨ᠂ ᠯᠢ ᠰᠢᠶᠣᠣ ᠸᠠᠩ᠂ ᠵᠠᠩ ᠵᠢᠩ᠂ ᠮᠧᠩ ᠷᠦᠢ ᠁ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠤ ᠨᠡᠷᠡᠰ ᠲᠤ ᠥᠪᠥᠷ ᠮᠣᠩᠭᠤᠯ ᠤᠨ 60 ᠬᠥᠮᠥᠨ ᠲᠣᠳᠣᠷᠠᠵᠠᠢ᠃ ᠡᠨᠡ ᠬᠦ ᠥᠩᠭᠡ ᠭᠡᠷᠡᠯ ᠲᠠᠢ ᠢᠷᠠᠭᠤ ᠠᠯᠳᠠᠷ ᠨᠢ ᠤᠷᠲᠤ | ᠬᠤᠭᠤᠴᠠᠭᠠᠨ ᠤ ᠲᠤᠷᠰᠢᠬᠢ ᠦᠭᠡ ᠳᠠᠭᠤᠨ ᠦᠭᠡᠢ ᠪᠠᠲᠤ ᠰᠠᠬᠢᠯᠲᠠ ᠪᠠ ᠳᠤᠷᠠᠲᠠᠶ᠎ᠠ ᠬᠤᠪᠢ ᠨᠡᠮᠡᠷᠢ ᠦᠵᠡᠭᠦᠯᠭᠦ ᠵᠢᠳᠬᠦᠯ ᠴᠢᠷᠮᠠᠶᠢᠯᠭ᠎ᠠ ᠠᠴᠠ ᠢᠷᠡᠯᠲᠡᠢ ᠶᠤᠮ᠃ | ᠲᠡᠳᠡᠨ ᠤ ᠳᠣᠲᠣᠷ᠎ᠠ ᠬᠢᠯᠢ ᠬᠢᠵᠠᠭᠠᠷ ᠲᠤ ᠦᠨᠳᠦᠰᠦᠯᠡᠭᠰᠡᠨ ᠲᠠᠯ᠎ᠠ ᠨᠤᠲᠤᠭ ᠤᠨ ᠰᠠᠬᠢᠨ ᠬᠠᠮᠠᠭᠠᠯᠠᠭᠴᠢ ᠪᠠᠶᠢᠬᠤ ᠪᠠᠷ ᠪᠠᠷᠠᠬᠤ ᠦᠭᠡᠢ᠂ ᠪᠠᠰᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠣᠶᠠᠨ ᠣᠷᠭᠢᠯ ᠳᠤ ᠠᠪᠠᠷᠢᠵᠤ ᠪᠠᠶᠢᠭ᠎ᠠ ︽ᠰᠢᠨ᠎ᠡ ᠶᠢ ᠡᠭᠦᠳᠬᠦ ᠬᠤᠰᠢᠭᠤᠴᠢ︾ ᠪᠤᠶ ; ᠦᠢᠯᠡᠳᠬᠦ ᠦᠢᠯᠡᠰ ᠲᠤ ᠣᠷᠣᠯᠴᠠᠵᠤ ᠪᠠᠶᠢᠭ᠎ᠠ | ᠠᠵᠤ ᠦᠢᠯᠡᠰ ᠤᠨ ᠠᠵᠢᠯᠴᠢᠨ ᠪᠠᠶᠢᠬᠤ ᠪᠠᠷ ᠪᠠᠷᠠᠬᠤ ᠦᠭᠡᠢ᠂ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠳᠤ ᠰᠢᠷᠭᠠᠭᠤ ᠠᠵᠢᠯᠯᠠᠵᠤ | ᠪᠠᠶᠢᠭ᠎ᠠ ︽ᠨᠤᠲᠤᠭ ᠤᠨ ᠲᠤᠰᠬᠠᠢ ᠮᠡᠷᠭᠡᠵᠢᠯᠲᠡᠨ︾ ᠪᠠᠶᠢᠨ᠎ᠠ᠃ | ᠭᠦᠳᠡᠯᠮᠦᠷᠢ ᠶᠢᠨ ᠵᠢᠱᠢᠶᠡᠴᠢ ᠪᠣᠯ ᠥᠷᠭᠡᠨ ᠣᠯᠠᠨ ᠠᠵᠢᠯᠴᠢᠨ ᠠᠩᠭᠢ ᠶᠢᠨ ᠭᠠᠷᠮᠠᠭᠠᠢ ᠲᠥᠯᠥᠭᠡᠯᠡᠭᠴᠢ ᠮᠥᠨ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠬᠦᠴᠦᠨ ᠮᠥᠨ᠃ 2020 ᠣᠨ ᠠᠴᠠ ᠨᠠᠭᠠᠰᠢ᠂ ᠪᠦᠭᠦ ᠣᠷᠣᠨ ᠤ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ | 518 ᠬᠥᠮᠥᠨ ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ᠂ 279 ᠬᠥᠮᠥᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ ᠢᠶᠠᠷ | ᠴᠣᠯᠭᠤᠷᠠᠨ ᠭᠠᠷᠴᠠᠢ᠃ | ᠡᠳᠡᠭᠡᠷ ᠬᠥᠬᠢᠭᠦᠯᠦᠨ ᠰᠠᠶᠢᠰᠢᠶᠠᠭᠳᠠᠭᠰᠠᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠡᠵᠡᠨ ᠬᠥᠮᠥᠨ ᠤ ᠥᠨᠳᠥᠷ ᠤᠬᠠᠮᠰᠠᠷ ᠢᠶᠠᠷ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠥᠪᠥᠷ ᠮᠣᠩᠭᠤᠯ ᠤᠨ ᠠᠵᠤ ᠠᠬᠤᠢ | ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠰᠢᠨ᠎ᠡ ᠠᠬᠢᠴᠠ ᠲᠠᠢ ᠪᠤᠯᠬᠤ ᠶᠢ ᠬᠦᠴᠦᠲᠡᠢ ᠠᠬᠢᠭᠤᠯᠪᠠ᠃ | ᠭᠦᠳᠡᠯᠮᠦᠷᠢ ᠶᠢᠨ ᠦᠷᠳᠡᠭ ᠴᠣᠬᠤᠮ ᠬᠠᠮᠢᠭ᠎ᠠ ᠪᠠᠶᠢᠳᠠᠭ ᠪᠤᠢ︖ ᠬᠥᠳᠡᠯᠮᠦᠷᠢᠴᠢᠳ ᠤᠨ ᠢᠷᠠᠭᠤ ᠠᠯᠳᠠᠷ ᠨᠢ ᠳ᠋ᠧᠩ ᠤᠨ ᠭᠡᠷᠡᠯ ᠳᠣᠣᠷ᠎ᠠ ᠪᠠᠶᠢᠬᠤ ᠪᠢᠰᠢ᠂ | ᠬᠠᠷᠢᠨ ᠦᠢᠯᠡᠳᠪᠦᠷᠢ ᠶᠢᠨ ᠲᠠᠰᠤᠭ ᠤᠨ ᠬᠥᠯᠥᠰᠦᠨ ᠳᠤ ᠳᠡᠪᠲᠦᠭᠰᠡᠨ ᠠᠵᠢᠯ ᠤᠨ ᠬᠤᠪᠴᠠᠰᠤᠨ ᠳᠤ ᠪᠠᠶᠢᠨ᠎ᠠ ; ᠪᠦᠯᠭᠦᠮ ᠤᠨ ᠬᠢᠨ ᠲᠠᠢ ᠪᠠᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠨ ᠠᠯᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠳᠤ ᠪᠠᠶᠢᠨ᠎ᠠ ; | ᠬᠠᠮᠤᠭ ᠤᠨ ᠰᠢᠯᠢᠳᠡᠭ ᠪᠣᠯᠣᠳ ᠮᠠᠲ᠋ᠧᠷᠢᠶᠠᠯ ᠢ ᠠᠮᠵᠢᠯᠲᠠ ᠲᠠᠢ ᠪᠠᠷ ᠬᠡᠪᠰᠢᠭᠦᠯᠵᠦ ᠭᠠᠷᠭᠠᠭᠰᠠᠨ ᠳᠤ ᠪᠠᠶᠢᠨ᠎ᠠ ᠭᠡᠳᠡᠭ ᠢ ᠡᠩ ᠤᠨ ᠮᠡᠷᠭᠡᠵᠢᠯ ᠤᠨ ᠠᠵᠢᠯᠴᠢᠨ | ᠪᠠᠶᠢᠭᠰᠠᠨ ᠠᠴᠠ ᠪᠠᠨ ᠲᠡᠷᠢᠭᠦᠨ ᠮᠡᠷᠭᠡᠵᠢᠯᠲᠡᠨ ᠪᠣᠯᠵᠤ ᠦᠰᠦᠨ ᠪᠤᠶᠢᠵᠢᠭᠰᠠᠨ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠤᠭᠰᠠᠨ᠂ ᠥᠪᠥᠷ | ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠣᠯᠣᠳ ᠬᠤᠭᠤᠯᠠᠢ ᠶᠢᠨ ᠬᠢᠵᠠᠭᠠᠷᠲᠤ ᠺᠤᠮᠫᠠᠨᠢ ᠶᠢᠨ 159 ᠳ᠋ᠦ᠋ᠭᠡᠷ ᠬᠤᠪᠢᠶᠠᠷᠢ | ᠦᠢᠯᠡᠳᠪᠦᠷᠢ ᠶᠢᠨ ᠪᠣᠯᠣᠳ ᠬᠡᠪᠰᠢᠭᠦᠯᠬᠦ ᠠᠵᠢᠯᠴᠢᠨ ᠺᠣᠣ ᠷᠠᠨ ᠰᠠᠶᠢᠨ ᠮᠡᠳᠡᠨ᠎ᠠ᠃ | 20 ᠭᠠᠷᠤᠢ ᠵᠢᠯ ᠬᠢᠯᠢ ᠰᠠᠬᠢᠭᠰᠠᠨ ᠪᠦᠭᠦ ᠤᠯᠤᠰ ᠤᠨ ᠲᠡᠷᠢᠭᠦᠨ ᠤ ᠠᠵᠢᠯᠲᠠᠨ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠦᠷᠳᠡᠭᠡ ᠶᠢᠨ ᠰᠢᠯᠢ ᠶᠢᠨ ᠭᠤᠣᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠡᠷᠡᠯᠲᠦᠣ᠋ᠳᠤ ᠬᠢᠯᠢ ᠶᠢᠨ | ᠲᠣᠮᠢᠯᠠᠭᠰᠠᠨ ᠰᠠᠯᠪᠤᠷᠢ ᠶᠢᠨ ᠳᠠᠷᠤᠭ᠎ᠠ ᠪᠤᠶᠠᠨ᠂ ᠬᠢᠯᠢ ᠬᠠᠮᠠᠭᠠᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠪᠠ᠃ ᠲᠡᠷᠡ ︽ᠠᠷᠠᠳ ᠤᠨ ᠴᠠᠭᠳᠠᠭ᠎ᠠ + | ᠬᠢᠯᠢ ᠬᠠᠮᠠᠭᠠᠯᠠᠭᠴᠢ︾ ᠶᠢᠨ ᠲᠥᠯᠥᠪᠯᠡᠭᠡ ᠶᠢ ᠲᠣᠭᠲᠠᠭᠠᠵᠤ᠂ ᠴᠠᠭᠳᠠᠭᠠᠨ ᠤ ᠬᠦᠴᠦᠨ ᠢ ᠬᠠᠷᠢᠶᠠᠲᠤ ᠣᠷᠣᠨ ᠤ ᠣᠯᠠᠨ ᠲᠦᠮᠡᠨ ᠤ ᠳᠤᠮᠳᠠ ᠦᠨᠡᠨ ᠬᠦ ᠪᠠᠭᠤᠯᠭᠠᠪᠠ | ᠃ ᠲᠡᠭᠦᠨ ᠤ ᠦᠵᠡᠬᠦ ᠪᠠᠷ᠂ ᠤᠳᠠᠭ᠎ᠠ ᠪᠦᠷᠢ ᠬᠠᠷᠢᠶ᠎ᠠ ᠣᠷᠣᠨ ᠳᠤ ᠭᠦᠨᠵᠡᠭᠡᠶᠢᠷᠡᠵᠦ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠵᠥᠷᠢᠴᠡᠯ | ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠵᠤ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠢᠷᠠᠢ | ᠳᠡᠭᠡᠷᠡᠬᠢ ᠢᠨᠢᠶᠡᠮᠰᠦᠭᠯᠡᠯ ᠢ ᠣᠯᠵᠤ ᠬᠠᠷᠠᠬᠤ ᠪᠣᠯ ᠭᠦᠳᠡᠯᠮᠦᠷᠢ ᠶᠢᠨ ᠦᠷᠳᠡᠭ ᠤᠨ ᠬᠠᠮᠤᠭ ᠤᠨ ᠰᠠᠶᠢᠨ ᠢᠯᠡᠷᠡᠯ ᠮᠥᠨ᠃ | ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠬᠢᠵᠠᠭᠠᠷᠲᠤ ᠺᠤᠮᠫᠠᠨᠢ ᠶᠢᠨ | ᠭᠦᠭᠡᠬᠤᠲᠠ ᠶᠢᠨ ᠵᠥᠩᠱᠠᠨ ᠬᠤᠪᠢᠶᠠᠷᠢ ᠺᠤᠮᠫᠠᠨᠢ ᠶᠢᠨ ᠲᠦᠷᠭᠡᠨ ᠬᠦᠷᠭᠡᠭᠴᠢ ᠯᠢ ᠰᠢᠶᠣᠣ ᠸᠠᠩ ᠲᠤᠰ ᠠᠵᠢᠯ ᠤᠨ ᠪᠠᠶᠢᠷᠢ ᠳᠡᠭᠡᠷ᠎ᠡ 8 ᠵᠢᠯ ᠪᠣᠯᠵᠤ ᠪᠠᠶᠢᠨ᠎ᠠ᠂ | ᠡᠬᠢᠯᠡᠬᠦ ᠳᠡᠭᠡᠨ ᠲᠡᠷᠡ ᠰᠠᠷ᠎ᠠ ᠪᠦᠷᠢ 3000 ᠰᠢᠤᠳᠠᠨ ᠪᠣᠭᠤᠳᠠᠯ ᠬᠦᠷᠭᠡᠵᠦ᠂ 300 ᠰᠢᠤᠳᠠᠨ ᠪᠣᠭᠤᠳᠠᠯ ᠭᠥᠯᠢᠶᠡᠨ ᠠᠪᠴᠤ ᠪᠠᠶᠢᠭᠰᠠᠨ ᠠᠴᠠ ᠪᠠᠨ ᠣᠲᠣ ᠰᠠᠷ᠎ᠠ | ᠪᠦᠷᠢ ᠲᠦᠮᠡᠨ ᠰᠢᠤᠳᠠᠨ ᠪᠣᠭᠤᠳᠠᠯ ᠬᠦᠷᠭᠡᠵᠦ᠂ 3000 ᠰᠢᠤᠳᠠᠨ ᠪᠣᠭᠤᠳᠠᠯ ᠭᠥᠯᠢᠶᠡᠨ ᠠᠪᠴᠤ᠂ ᠬᠡᠷᠡᠭᠯᠡᠭᠴᠢ ᠶᠢᠨ ᠰᠠᠶᠢᠨ ᠦᠨᠡᠯᠡᠯᠲᠡ ᠶᠢᠨ ᠨᠣᠷᠮ᠎ᠠ 100 | % ᠳᠤ ᠬᠦᠷᠴᠦ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠰᠢᠰᠲ᠋ᠧᠮ ᠳᠣᠲᠣᠷ᠎ᠠ ᠵᠢᠯ ᠪᠦᠷᠢ ᠲᠦᠷᠦᠭᠦᠯᠡᠵᠦ ᠪᠠᠶᠢᠨ᠎ᠠ᠃ ᠲᠡᠭᠦᠨ ᠤ | ᠦᠵᠡᠬᠦ ᠪᠠᠷ᠂ ᠵᠣᠯ ᠵᠢᠷᠭᠠᠯ ᠤᠨ ᠵᠠᠮ ᠳᠡᠭᠡᠷᠡᠬᠢ ︽ᠬᠡᠷᠡᠭᠴᠡᠭᠡ ᠲᠠᠢ ᠬᠥᠮᠥᠨ︾ ᠪᠤᠯᠬᠤ ᠪᠣᠯ ᠥᠪᠡᠷ ᠤᠨ ᠭᠦᠳᠡᠯᠮᠦᠷᠢ ᠶᠢᠨ ᠦᠷᠳᠡᠭ ᠪᠣᠯᠣᠨ᠎ᠠ᠃ | ᠥᠪᠥᠷ ᠮᠣᠩᠭᠤᠯᠴᠤᠳ ᠶᠡᠷᠦ ᠠᠴᠠ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠲᠡᠮᠡᠴᠡᠯ ᠤᠨ ᠵᠣᠷᠢᠭ ᠲᠠᠢ᠂ | ᠬᠦᠴᠢᠷ ᠪᠡᠷᠬᠡᠰᠢᠶᠡᠯ ᠢ ᠳᠠᠭᠠᠭᠠᠬᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠤᠷᠮ᠎ᠠ ᠵᠣᠷᠢᠭ ᠲᠠᠢ ᠶᠤᠮ᠃ ᠲᠡᠷᠡ ᠬᠦ ᠢᠷᠠᠭᠤ ᠠᠯᠳᠠᠷᠲᠤ ᠮᠧᠳᠠᠯ ᠨᠢ | ᠭᠦᠳᠡᠯᠮᠦᠷᠢ ᠶᠢᠨ ᠵᠢᠱᠢᠶᠡᠴᠢ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠪᠠᠰᠠ ᠡᠭᠡᠯ ᠵᠢᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠬᠥᠳᠡᠯᠮᠦᠷᠢᠴᠢᠳ ᠲᠤ ᠬᠠᠷᠢᠶᠠᠯᠠᠭᠳᠠᠨ᠎ᠠ᠃ | ᠭᠦᠳᠡᠯᠮᠦᠷᠢ ᠪᠣᠯ ᠠᠯᠢᠪᠠ ᠵᠣᠯ ᠵᠢᠷᠭᠠᠯ ᠤᠨ ᠡᠬᠢ ᠪᠤᠯᠠᠭ ᠮᠥᠨ᠃ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ᠂ ᠠᠯᠠᠱᠠ ᠠᠶᠢᠮᠠᠭ ᠤᠨ ᠣᠶ | ᠰᠢᠭᠤᠢ ᠨᠤᠲᠤᠭ ᠪᠡᠯᠴᠢᠭᠡᠷ ᠪᠠ ᠦᠷ᠎ᠡ ᠴᠢᠬᠢ ᠶᠢᠨ ᠠᠵᠢᠯ ᠤᠨ ᠥᠷᠲᠡᠭᠡ ᠶᠢᠨ ᠳᠠᠷᠤᠭ᠎ᠠ ᠬᠠᠢ ᠯᠢᠶᠠᠨ ᠳᠤ ᠠᠪᠴᠤ ᠬᠡᠯᠡᠪᠡᠯ᠂ ᠨᠤᠲᠤᠭ ᠤᠨ ᠲᠡᠭᠷᠢ ᠨᠢ ᠨᠠᠩ | ᠴᠡᠯᠮᠡᠭ᠂ ᠠᠭᠤᠯᠠ ᠨᠢ ᠨᠠᠩ ᠬᠥᠬᠡᠮᠳᠦᠭ᠂ ᠤᠰᠤ ᠨᠢ ᠨᠠᠩ ᠲᠤᠩᠭᠠᠯᠠᠭ ᠪᠠᠶᠢᠪᠠᠯ ᠳᠡᠷᠡ ᠴᠤ ᠥᠪᠡᠷ ᠢᠶᠠᠨ ᠵᠣᠯ ᠵᠢᠷᠭᠠᠯ ᠲᠠᠢ ᠰᠠᠨᠠᠭᠳᠠᠳᠠᠭ᠃ ᠡᠯᠡᠰᠦ ᠶᠢ | ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠦᠢᠯᠡᠰ ᠲᠤ ᠣᠷᠣᠯᠴᠠᠬᠰᠠᠨ 13 ᠵᠢᠯ ᠤᠨ ᠲᠤᠷᠰᠢ᠂ ᠲᠡᠷᠡ ᠡᠯᠡᠰᠦ ᠶᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠤᠢ | ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠡᠶᠢᠳᠡ 1800 ᠭᠠᠷᠤᠢ ᠲᠦᠮᠡᠨ ᠮᠦ ᠪᠡᠶᠡᠯᠡᠭᠦᠯᠵᠦ᠂ 11 ᠵᠢᠯ | ᠳᠠᠷᠠᠭᠠᠯᠠᠨ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠢᠨᠵᠧᠨᠧᠷᠢᠩ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ 18 ᠵᠦᠢᠯ ᠤᠨ | ᠭᠤᠣᠯᠳᠠᠯᠭ᠎ᠠ ᠲᠠᠢ ᠢᠨᠵᠧᠨᠧᠷᠢᠩ ᠪᠣᠯᠣᠨ ᠲᠦᠷᠦᠯ ᠵᠦᠢᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠣᠨ ᠮᠡᠷᠭᠡᠵᠢᠯ ᠤᠨ ᠵᠢᠯᠣᠭᠤᠳᠤᠯᠭ᠎ᠠ | ᠦᠢᠯᠡᠴᠢᠯᠡᠭᠡ ᠶᠢᠨ ᠠᠵᠢᠯ ᠢ ᠪᠡᠶᠡᠯᠡᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠠᠭᠤᠰᠤᠯᠴᠠᠯ᠂ ᠤᠢ ᠰᠢᠭᠤᠢ ᠡᠪᠡᠰᠦ ᠪᠡᠯᠴᠢᠭᠡᠷ ᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ᠂ ᠥᠪᠥᠷ ᠮᠣᠩᠭᠤᠯ ᠤᠨ ᠯᠦᠩ ᠶᠤᠸᠠᠨ ᠮᠧᠩ ᠳ᠋ᠦᠩ ᠰᠢᠨ᠎ᠡ ᠡᠨᠧᠷᠭᠢ ᠶᠢᠨ ᠬᠢᠵᠠᠭᠠᠷᠲᠤ | ᠺᠤᠮᠫᠠᠨᠢ ᠶᠢᠨ ᠮᠡᠷᠭᠡᠵᠢᠯ ᠤᠨ ᠲᠥᠪ ᠤᠨ ᠳᠠᠭᠠᠭᠠᠮᠠᠯ ᠢᠦᠢ ᠴᠦᠩ ᠶᠠᠩ ᠤᠨ ᠰᠡᠳᠬᠢᠯ ᠳᠤ᠂ ᠴᠠᠭᠢᠯᠭᠠᠨ ᠢ ᠲᠦᠭ ᠲᠦᠮᠡᠨ ᠠᠶᠢᠯ ᠡᠷᠦᠭᠡ ᠳᠤ ᠬᠦᠷᠭᠡᠬᠦ ᠪᠣᠯ | ᠲᠡᠭᠦᠨ ᠤ ᠵᠣᠯ ᠵᠢᠷᠭᠠᠯ ᠪᠣᠯᠣᠨ᠎ᠠ᠃ ᠣᠯᠠᠨ ᠵᠢᠯ ᠤᠨ ᠲᠤᠷᠰᠢ᠂ ᠢᠦᠢ ᠴᠦᠩ ᠶᠠᠩ ᠮᠤᠵᠢ ᠶᠠᠮᠤᠨ ᠤ ᠲᠠᠰ ᠤᠨ ᠰᠢᠨ᠎ᠡ ᠶᠢ ᠡᠭᠦᠳᠬᠦ ᠠᠵᠢᠯᠯᠠᠬᠤ ᠲᠠᠰᠤᠭ ᠤᠨ | ᠪᠦᠯᠭᠦᠮ ᠨᠡᠶᠢᠲᠡ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ 39 ᠲᠥᠷᠥᠯ ᠵᠦᠢᠯ ᠢ ᠡᠷᠭᠢᠯᠡᠨ ᠥᠷᠨᠢᠭᠦᠯᠵᠦ᠂ | ᠠᠵᠢᠯ ᠲᠥᠷᠥᠯ ᠤᠨ ᠣᠯᠠᠨ ᠵᠦᠢᠯ ᠤᠨ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠵᠦ᠂ ᠰᠢᠨ᠎ᠡ ᠶᠢ ᠡᠭᠦᠳᠦᠭᠰᠡᠨ ᠠᠷᠭ᠎ᠠ ᠪᠠᠷᠢᠯ ᠢᠶᠠᠷ ᠲᠤᠬᠠᠢ ᠶᠢᠨ ᠲᠠᠯᠠᠪᠠᠶ ᠶᠢᠨ | ᠮᠡᠷᠭᠡᠵᠢᠯ ᠤᠨ ᠬᠦᠴᠢᠷ ᠠᠰᠠᠭᠤᠳᠠᠯ ᠢ 1500 ᠭᠠᠷᠤᠢ ᠰᠢᠢᠳᠪᠦᠷᠢᠯᠡᠵᠦ᠂ ᠤᠷᠢᠳ ᠬᠤᠵᠢᠳ ᠮᠤᠵᠢ ᠶᠠᠮᠤᠨ ᠤ ᠲᠠᠰ ᠤᠨ ᠰᠢᠨ᠎ᠡ ᠶᠢ ᠡᠭᠦᠳᠦᠭᠰᠡᠨ ᠱᠠᠩᠨᠠᠯ ᠢ 11 | ᠬᠦᠷᠲᠡᠵᠦ᠂ 4690 ᠭᠠᠷᠤᠢ ᠲᠦᠮᠡᠨ ᠲᠥᠭᠦᠷᠢᠭ ᠤᠨ ᠠᠰᠢᠭ ᠡᠭᠦᠳᠴᠦ᠂ ᠠᠵᠢᠯ ᠨᠢᠭᠡᠲᠡᠨ ᠳᠡᠭᠡᠨ ︽ᠰᠢᠨ᠎ᠡ ᠡᠨᠧᠷᠭᠢ ᠶᠢᠨ ᠰᠠᠯᠬᠢᠨ ᠬᠦᠴᠦᠨ ᠢᠶᠠᠷ ᠴᠠᠭᠢᠯᠭᠠᠨ | ᠭᠠᠷᠭᠠᠬᠤ ᠮᠠᠰᠢᠨ ᠤ ᠠᠵᠢᠯᠯᠠᠭᠠᠨ ᠢ ᠪᠠᠲᠤᠯᠠᠬᠤ ᠲᠤᠰᠬᠠᠢ ᠮᠡᠷᠭᠡᠵᠢᠯᠲᠡᠨ︾ ᠬᠡᠮᠡᠭᠳᠡᠪᠡ᠃ | ᠣᠳᠣᠬᠠᠨ ᠳᠤ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ ᠪᠠᠷ ᠴᠤᠴᠠᠯᠲᠠ ᠦᠭᠡᠢ ᠤᠷᠤᠭᠰᠢᠯᠠᠵᠤ ᠪᠤᠢ᠃ ︽ᠭᠦᠳᠡᠯᠮᠦᠷᠢ ᠶᠢᠨ ᠵᠢᠱᠢᠶᠡᠴᠢ︾᠂ ︽ᠲᠡᠷᠢᠭᠦᠨ ᠤ ᠠᠵᠢᠯᠲᠠᠨ︾ ᠪᠣᠯ | ᠬᠥᠳᠡᠯᠮᠦᠷᠢᠴᠢᠨ ᠠᠷᠠᠳ ᠲᠦᠮᠡᠨ ᠤ ᠭᠠᠷᠮᠠᠭᠠᠢ ᠲᠥᠯᠥᠭᠡᠯᠡᠭᠴᠢ ᠮᠥᠨ᠂ ᠨᠡᠩ ᠴᠤ ᠥᠷᠭᠡᠨ ᠤᠯᠠᠨ ᠬᠥᠳᠡᠯᠮᠦᠷᠢᠴᠢᠳ ᠤᠨ ᠰᠤᠷᠤᠯᠴᠠᠬᠤ ᠰᠠᠶᠢᠨ ᠳᠠᠭᠤᠷᠢᠶᠠᠯ | ᠮᠥᠨ᠃ | ︽ᠬᠡᠷᠪᠡ ᠪᠢᠳᠡ ᠬᠥᠮᠥᠨ ᠪᠣᠯᠭᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ | ᠦᠢᠯᠡᠳᠦᠯ ᠢ ᠪᠠᠳᠠᠷᠠᠭᠤᠯᠪᠠᠯ ᠯᠠᠪᠲᠠᠢ ᠨᠠᠩ ᠣᠯᠠᠨ ᠬᠥᠮᠥᠰ ᠲᠠᠢ ᠪᠦᠯᠬᠦᠮᠳᠡᠨ ᠥᠩᠭᠡ ᠭᠡᠷᠡᠯ ᠢ ᠬᠥᠭᠡᠭᠡᠴᠡᠯᠳᠦᠵᠦ᠂ ᠢᠷᠠᠭᠤ ᠠᠯᠳᠠᠷ ᠢᠶᠠᠨ ᠡᠷᠬᠢᠮᠨᠡᠵᠦ᠂ ᠭᠡᠷᠡᠯ | ᠭᠢᠯᠪᠠᠭ᠎ᠠ ᠪᠠᠨ ᠰᠠᠴᠤᠷᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠲᠠᠢ ᠭᠠᠷ ᠬᠤᠯᠪᠣᠯᠴᠠᠨ ︿ᠵᠢᠷᠭᠤᠭᠠᠨ ᠠᠵᠢᠯᠯᠠᠭ᠎ᠠ﹀ ᠶᠢ | ᠨᠠᠶᠢᠳᠠᠪᠤᠷᠢᠵᠢᠭᠤᠯᠬᠤ᠂ ︿ᠬᠤᠶᠠᠷ ᠶᠡᠭᠡ ᠶᠠᠪᠤᠳᠠᠯ﹀ ᠢ ᠰᠠᠶᠢᠲᠤᠷ ᠬᠢᠬᠦ ᠴᠠᠭ ᠦᠶ᠎ᠡ ᠶᠢᠨ ᠬᠠᠯᠠᠭᠤᠨ ᠤᠷᠤᠰᠬᠠᠯ ᠳᠤ ᠬᠠᠮᠲᠤ ᠪᠠᠷ ᠣᠷᠣᠯᠴᠠᠵᠤ᠂ ︿ᠵᠢᠱᠢᠶᠡᠴᠢ | ᠥᠪᠡᠷᠲᠡᠭᠡᠨ ᠵᠠᠰᠠᠬᠤ ᠣᠷᠣᠨ﹀ ᠡᠨᠡ ᠬᠦ ᠠᠯᠲᠠᠨ ᠦᠰᠦᠭᠲᠦ ᠫᠠᠶᠢᠰᠠ ᠶᠢ ᠨᠠᠩ ᠭᠡᠷᠡᠯ ᠭᠢᠯᠪᠠᠭ᠎ᠠ ᠲᠠᠢ ᠪᠤᠯᠭᠠᠬᠤ ᠪᠣᠯᠣᠨ᠎ᠠ︾ ᠭᠡᠵᠦ ᠪᠦᠭᠦ ᠤᠯᠤᠰ ᠤᠨ ᠲᠡᠷᠢᠭᠦᠨ ᠤ | ᠠᠵᠢᠯᠲᠠᠨ᠂ ᠣᠷᠳᠣᠰ ᠬᠤᠳᠠ ᠶᠢᠨ ᠬᠠᠮ ᠵᠠᠭᠤᠴᠢᠯᠠᠭᠤᠷ ᠤᠨ ᠲᠥᠪ ᠤᠨ ᠰᠢᠭᠦᠮᠵᠢ ᠶᠢᠨ ᠬᠡᠯᠲᠡᠰ᠂ ᠰᠤᠷᠪᠤᠯᠵᠢᠯᠠᠬᠤ ᠬᠡᠯᠲᠡᠰ ᠤᠨ ᠳᠠᠷᠤᠭ᠎ᠠ ᠵᠠᠩ ᠰᠢᠶᠣᠣ ᠶᠠᠨ | ᠬᠡᠯᠡᠪᠡ᠃ | 5 ᠰᠠᠷ᠎ᠠ ᠶᠢᠨ ᠨᠡᠷᠡᠨ ᠤ ᠭᠡᠷᠡᠯ ᠤᠮᠠᠷᠠᠲᠤ ᠶᠢᠨ ᠡᠬᠡ ᠭᠠᠵᠠᠷ ᠢ ᠭᠡᠶᠢᠭᠦᠯᠵᠦ᠂ ᠪᠢᠳᠡ ᠴᠠᠭ ᠦᠶ᠎ᠡ᠂ ᠤᠯᠤᠰ ᠣᠷᠣᠨ ᠲᠠᠢ ᠬᠠᠮᠲᠤ ᠪᠠᠷ ᠴᠢᠷᠮᠠᠶᠢᠨ ᠲᠡᠮᠡᠴᠡᠵᠦ᠂ | ᠪᠣᠳᠠᠲᠤ ᠠᠵᠢᠯᠯᠠᠭ᠎ᠠ ᠪᠠᠷ ᠢᠶᠠᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠣᠷᠣᠯᠴᠠᠵᠤ᠂ ᠲᠡᠮᠡᠴᠡᠯ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ᠃ |