ᠣᠶᠢᠷ᠎ᠠ ᠳᠤ᠂ ᠤᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠳᠤ ᠤᠮᠠᠷᠠᠲᠤ ᠬᠢᠯᠢ ᠶᠢᠨ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠬᠤᠷᠠᠯ | ᠬᠤᠷᠠᠯᠳᠤᠭᠤᠯᠵᠤ᠂ ᠰᠢᠶᠠᠩ ᠤᠨ ᠨᠠᠮ ᠤᠨ ᠬᠤᠷᠢᠶᠠᠨ ᠤ ᠺᠠᠳ᠋ᠷ ᠠᠵᠢᠯᠲᠠᠨ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠣᠨᠴᠠᠭᠠᠶᠢᠯᠠᠨ | ᠤᠷᠢᠵᠤ ᠭᠦᠨᠵᠡᠭᠡᠶ ᠪᠥᠭᠡᠳ ᠣᠶᠢᠯᠠᠭᠠᠮᠵᠢᠲᠠᠶ ᠬᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ᠂ ᠤᠮᠠᠷᠠᠲᠤ ᠬᠢᠯᠢ ᠶᠢᠨ ᠰᠣᠶᠣᠯ ᠤᠨ ᠭᠤᠤᠯ | ᠲᠥᠷᠥᠯ ᠬᠡᠯᠪᠡᠷᠢ ᠪᠠ ᠦᠨᠳᠦᠰᠦᠨ ᠣᠨᠴᠠᠯᠢᠭ ᠵᠢᠴᠢ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠵᠡᠷᠭᠡ ᠣᠯᠠᠨ ᠲᠠᠯ᠎ᠠ ᠠᠴᠠ ᠤᠮᠠᠷᠠᠲᠤ | ᠬᠢᠯᠢ ᠶᠢᠨ ᠰᠣᠶᠣᠯ ᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ ᠡᠯᠪᠡᠭ ᠪᠠᠶᠠᠯᠢᠭ ᠲᠡᠦᠬᠡ ᠶᠢᠨ ᠦᠯᠢᠭᠡᠷ᠂ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠨ᠂ | ᠤᠮᠠᠷᠠᠲᠤ ᠬᠢᠯᠢ ᠶᠢᠨ ᠰᠣᠶᠣᠯ ᠤᠨ ᠨᠡᠭᠦᠳᠡᠯ ᠮᠠᠯᠵᠢᠯ ᠤᠨ ᠪᠣᠯᠪᠠᠰᠤᠨ᠂ ᠲᠠᠷᠢᠶᠠᠯᠠᠬᠤ ᠪᠣᠯᠪᠠᠰᠤᠨ ᠤ ᠠᠭᠤᠰᠤᠯᠴᠠᠯ ᠬᠥᠭᠵᠢᠯᠲᠡ ᠶᠢᠨ ᠶᠠᠪᠤᠴᠠ ᠳᠤ ᠪᠦᠷᠢᠯᠳᠦᠭᠰᠡᠨ | ᠥᠪᠡᠷᠮᠢᠴᠡ ᠷᠢᠳᠢ ᠰᠢᠳᠢ ᠶᠢ ᠨᠠᠷᠢᠨ ᠲᠠᠨᠢᠯᠴᠠᠭᠤᠯᠵᠤ᠂ ᠲᠤᠬᠠᠶ ᠶᠢᠨ ᠲᠠᠯᠠᠪᠠᠶ ᠶᠢᠨ ᠰᠣᠨᠣᠰᠤᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ | ᠠᠭᠤᠯᠬᠤᠨ ᠪᠠ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠭᠦᠨᠵᠡᠭᠡᠶ ᠮᠡᠳᠡᠷᠡᠭᠦᠯᠪᠡ᠃ | ᠲᠣᠰ ᠤᠳᠠᠭᠠᠨ ᠤ ᠤᠮᠠᠷᠠᠲᠤ ᠬᠢᠯᠢ ᠶᠢᠨ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠬᠢᠯᠡᠭᠰᠡᠨ ᠨᠢ ᠣᠯᠠᠨ ᠲᠦᠮᠡᠨ ᠤ ᠤᠮᠠᠷᠠᠲᠤ ᠬᠢᠯᠢ ᠶᠢᠨ | ᠰᠣᠶᠣᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ᠺᠠᠳ᠋ᠷ ᠣᠯᠠᠨ ᠲᠦᠮᠡᠨ ᠤ ᠭᠠᠵᠠᠷ ᠣᠷᠣᠨ ᠤ ᠰᠣᠶᠣᠯ ᠤᠨ ᠲᠤᠬᠠᠶ ᠮᠡᠳᠡᠷᠡᠬᠦ ᠰᠡᠳᠬᠢᠯᠭᠡ | ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠤᠮᠠᠷᠠᠲᠤ ᠬᠢᠯᠢ ᠶᠢᠨ ᠰᠣᠶᠣᠯ ᠤᠨ ᠪᠦᠲᠦᠭᠡᠯᠴᠢ ᠴᠢᠨᠠᠷᠲᠠᠶ | ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ |