ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠪᠠ ᠨᠤᠭᠤ ᠭᠠᠵᠠᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠤᠯᠢ ᠪᠠᠷ ᠵᠠᠰᠠᠬᠤ ᠶᠢᠨ ᠰᠦᠷᠳᠡᠭᠦᠯᠬᠦ ᠬᠦᠴᠦᠨ ᠢ ᠴᠢᠩᠭᠠᠳᠬᠠᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠤᠶᠢᠷ᠎ᠠ ᠶᠢᠨ ᠡᠳᠦᠷ᠂ ᠭᠡᠭᠡᠨ ᠭᠤᠣᠯ | ᠬᠤᠲᠠ ᠶᠢᠨ ᠣᠢ ᠰᠢᠭᠤᠢ ᠶᠢᠨ ᠲᠣᠪᠴᠢᠶ᠎ᠠ ᠭᠡᠭᠡᠨ ᠭᠤᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠭᠦ᠋ ᠽᠢ ᠮᠢᠶᠣᠤ ᠣᠢ | ᠰᠢᠭᠤᠢ ᠶᠢᠨ ᠲᠠᠯᠠᠪᠠᠢ ᠶᠢᠨ ᠣᠢ ᠰᠢᠭᠤᠢ ᠶᠢ ᠡᠪᠳᠡᠵᠦ ᠡᠪᠡᠰᠦ ᠤᠷᠭᠤᠮᠠᠯ ᠢ ᠰᠦᠢᠳᠭᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ | ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯ ᠥᠷᠨᠢᠭᠦᠯᠪᠡ᠃ | ᠠᠵᠢᠯᠲᠠᠳ ᠬᠠᠷᠢᠶᠠᠲᠤ ᠣᠷᠣᠨ ᠤ ᠳᠣᠲᠣᠷᠠᠬᠢ ᠱᠢ ᠶᠧ ᠲᠣᠭᠤᠷᠢᠭ ᠲᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠠᠴᠢ ᠬᠤᠯᠪᠣᠭᠳᠠᠯ᠂ | ᠣᠶ ᠰᠢᠭᠤᠶ ᠨᠤᠲᠤᠭ ᠪᠡᠯᠴᠢᠭᠡᠷ ᠤᠨ ᠨᠤᠭᠤ ᠭᠠᠵᠠᠷ ᠢ ᠡᠵᠡᠯᠡᠨ ᠬᠡᠷᠡᠭᠯᠡᠬᠦ ᠳᠤ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ ᠵᠦᠢᠯ ᠢ ᠲᠠᠶᠢᠯᠪᠤᠷᠢᠯᠠᠨ | ᠶᠠᠷᠢᠵᠤ᠂ ᠣᠶ ᠰᠢᠭᠤᠶ ᠨᠤᠲᠤᠭ ᠪᠡᠯᠴᠢᠭᠡᠷ ᠤᠨ ᠨᠤᠭᠤ ᠭᠠᠵᠠᠷ ᠢ ᠰᠦᠢᠳᠬᠡᠵᠦ ᠨᠤᠭᠤ ᠭᠠᠵᠠᠷ ᠢ ᠡᠪᠳᠡᠬᠦ ᠳᠤ ᠪᠠᠶᠢᠩᠭᠤ ᠲᠣᠬᠢᠶᠠᠯᠳᠤᠳᠠᠭ ᠦᠢᠯᠡ ᠠᠵᠢᠯᠯᠠᠭ᠎ᠠ | ᠵᠢᠴᠢ ᠲᠡᠭᠦᠨ ᠤ ᠬᠦᠨᠳᠦ ᠨᠣᠴᠢᠲᠠᠶ ᠦᠷ᠎ᠡ ᠳ᠋ᠦᠩ ᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠶᠢᠨ ᠬᠠᠮᠲᠤ᠂ ᠣᠯᠠᠨ ᠢᠶᠠᠷ ᠢᠶᠠᠨ ᠣᠶ ᠰᠢᠭᠤᠶ ᠡᠪᠡᠰᠦ | ᠪᠡᠯᠴᠢᠭᠡᠷ ᠤᠨ ᠴᠢᠭᠢᠭᠯᠢᠭ ᠬᠦᠷᠢᠶᠡᠨ ᠳᠠᠬᠢ ᠬᠤᠯᠪᠣᠭᠳᠠᠯ ᠪᠥᠬᠦᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠬᠠᠩᠭᠠᠬᠤ ᠶᠢ | ᠵᠣᠷᠢᠭᠵᠢᠭᠤᠯᠤᠨ᠎ᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯ ᠨᠢ ᠠᠵᠢᠯ ᠬᠢᠵᠦ ᠪᠠᠶᠢᠭ᠎ᠠ ᠲᠣᠭᠤᠷᠢᠭ ᠤᠨ ᠬᠥᠮᠦᠰ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠶ ᠪᠠ ᠴᠢᠭᠢᠭᠯᠢᠭ ᠡᠬᠢ ᠪᠠᠶᠠᠯᠢᠭ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠭᠦ᠋ ᠽᠢ ᠮᠢᠶᠣᠤ ᠤᠢ ᠰᠢᠭᠤᠢ ᠶᠢᠨ ᠲᠠᠯᠠᠪᠠᠢ ᠬᠠᠷᠢᠶ᠎ᠠ ᠣᠷᠣᠨ ᠤ ᠪᠠᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠯᠭ᠎ᠠ ᠶᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠭᠡᠭᠡᠨ ᠭᠤᠣᠯ ᠬᠤᠳᠠ ᠶᠢᠨ ᠤᠢ | ᠰᠢᠭᠤᠢ ᠡᠪᠡᠰᠦ ᠪᠡᠯᠴᠢᠭᠡᠷ ᠢ ᠡᠪᠳᠡᠵᠦ ᠨᠤᠭᠤ ᠭᠠᠵᠠᠷ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠳᠤ ᠰᠠᠶᠢᠨ ᠰᠠᠶᠢᠬᠠᠨ | ᠬᠠᠤᠯᠢᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠡᠭᠡᠨ ᠭᠤᠣᠯ ᠬᠤᠳᠠ ᠶᠢᠨ ᠬᠥᠬᠡᠮᠳᠦᠭ ᠨᠣᠭᠤᠭᠠᠨ ᠠᠭᠤᠯᠠ ᠤᠰᠤ ᠶᠢ | ᠰᠠᠶᠢᠲᠤᠷ ᠰᠠᠬᠢᠨ ᠬᠠᠮᠠᠭᠠᠯᠠᠨ᠎ᠠ᠃ |