ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠦᠢ ᠫᠸᠡᠭ ᠬᠠᠩ︶ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ 19 ᠤ ᠡᠳᠦᠷ ︽ᠡᠮ ᠡᠮᠨᠡᠯᠭᠡ ᠶᠢᠨ ᠪᠠᠲᠤᠯᠠᠭ᠎ᠠ ᠪᠠ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠬᠦᠷᠢᠶᠡᠨ ᠳᠤ ᠡᠮ ᠲᠠᠩ ᠤᠨ ᠮᠥᠷᠳᠡᠯᠲᠡ ᠶᠢᠨ ᠺᠣᠳ᠋ ᠢ ᠬᠡᠷᠡᠭᠯᠡᠬᠦ ᠶᠢ ᠴᠢᠩᠭᠠᠳᠬᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ ᠵᠠᠷᠴᠢᠮ | ᠳᠡᠭᠡᠷ᠎ᠡ ᠪᠠᠨ 2025 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠪᠣᠷᠣᠯᠠᠭᠤᠯᠭ᠎ᠠ ᠶᠢᠨ ᠭᠤᠭᠴᠤᠭ᠎ᠠ ᠳᠤ ᠱᠠᠭᠠᠷᠳᠠᠯᠭ᠎ᠠ ᠶᠣᠰᠣᠭᠠᠷ ᠺᠣᠳ᠋ ᠰᠢᠷᠪᠢᠭᠰᠡᠨ ᠤ | ᠳᠠᠷᠠᠭ᠎ᠠ ᠰᠠᠶ᠋ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠡᠰᠦᠯᠦᠨ ᠪᠤᠳᠤᠵᠤ ᠦᠭᠭᠦᠨ᠎ᠡ᠂ ᠡᠭᠦᠨ ᠠᠴᠠ ᠡᠮᠦᠨ᠎ᠡ ᠨᠢᠭᠡᠨᠲᠡ ᠬᠤᠳᠠᠯᠳᠤᠨ ᠠᠪᠤᠭᠰᠠᠨ | ᠮᠥᠷᠳᠡᠯᠲᠡ ᠶᠢᠨ ᠺᠣᠳ᠋ ᠥᠬᠡᠶ ᠡᠮ ᠲᠠᠩ ᠢ ︽ᠺᠣᠳ᠋ ᠥᠬᠡᠶ ᠬᠥᠮᠥᠷᠭᠡ︾ ᠶᠢᠨ ᠬᠠᠮᠢᠶᠠᠷᠤᠯᠲᠠ ᠳᠤ ᠣᠷᠣᠭᠤᠯᠵᠤ᠂ ᠲᠦᠷ ᠡᠮ ᠡᠮᠨᠡᠯᠭᠡ ᠶᠢᠨ ᠳᠠᠭᠠᠳᠬᠠᠯ ᠢᠶᠠᠷ | ᠲᠡᠰᠦᠯᠦᠨ ᠪᠤᠳᠤᠵᠤ ᠪᠣᠯᠤᠨ᠎ᠠ᠃ |