ᠣᠲᠣᠬᠠᠨ ᠪᠣᠯᠲᠠᠯ᠎ᠠ ᠮᠠᠨ ᠤ ᠤᠷᠤᠨ ᠨᠢᠭᠡᠨᠲᠡ 1.46 ᠲᠦᠮᠡᠨ ᠡᠮ ᠡᠮᠨᠡᠯᠬᠡ ᠶᠢᠨ ᠳᠠᠭᠠᠳᠬᠠᠯ ᠤᠨ ᠵᠤᠭᠤᠰᠤᠨ ᠪᠤᠬᠴᠦ ᠶᠢᠨ ᠲᠠᠩᠰᠠᠨ ᠡᠷᠦᠬᠡ ᠶᠢ ᠨᠡᠭᠡᠭᠡᠵᠦ᠂ | ᠨᠡᠶᠢᠲᠡ 2610 ᠬᠤᠪᠢ ᠲᠠᠩᠰᠠ ᠰᠢᠯᠵᠢᠬᠦᠯᠵᠤ᠂ ᠰᠢᠯᠵᠢᠬᠦᠯᠦᠭᠰᠠᠨ ᠵᠤᠭᠤᠰ ᠤᠨ ᠲᠤᠭ᠎ᠠ ᠨᠢ 161 ᠲᠦᠮᠡᠨ ᠲᠥᠭᠦᠷᠢᠭ ᠲᠤ ᠬᠦᠷᠪᠡ᠃ ᠡᠭᠦᠨ ᠳᠤ ᠣᠷᠣᠨ ᠤ | ᠳᠣᠲᠣᠷ᠎ᠠ ᠰᠢᠯᠵᠢᠭᠦᠯᠦᠨ ᠭᠠᠷᠭᠠᠭᠰᠠᠨ ᠨᠢ 2245 ᠬᠤᠪᠢ ᠪᠠᠶᠢᠵᠤ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ ᠨᠢ 138.4 ᠲᠦᠮᠡᠨ ᠲᠥᠭᠦᠷᠢᠭ | ᠪᠣᠯᠤᠨ᠎ᠠ︔ ᠮᠤᠵᠢ ᠠᠯᠤᠰᠯᠠᠨ 259 ᠬᠤᠪᠢ ᠰᠢᠯᠵᠢᠭᠦᠯᠦᠨ ᠭᠠᠷᠭᠠᠵᠤ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ 17.4 ᠲᠦᠮᠡᠨ ᠲᠥᠭᠦᠷᠢᠭ ᠲᠤ | ᠬᠦᠷᠴᠡᠶ᠃ ᠮᠤᠵᠢ ᠶᠢᠨ ᠭᠠᠳᠠᠨ᠎ᠠ ᠠᠴᠠ 106 ᠬᠤᠪᠢ ᠰᠢᠯᠵᠢᠬᠦᠯᠤᠨ ᠤᠷᠤᠭᠤᠯᠵᠦ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ ᠨᠢ 5.2 ᠲᠦᠮᠡᠨ | ᠲᠥᠭᠦᠷᠢᠭ ᠪᠣᠯᠤᠨ᠎ᠠ᠃ ᠡᠨᠡ ᠨᠢ ᠮᠠᠨ ᠤ ᠤᠷᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ︽ᠬᠡᠷ ᠪᠦᠯᠢ ᠪᠠᠷ ᠢᠶᠠᠨ ᠬᠠᠷᠢᠯᠴᠠᠨ ᠬᠠᠪᠰᠤᠷᠤᠯᠴᠠᠵᠤ᠂ | ᠮᠤᠵᠢ ᠠᠯᠤᠰᠯᠠᠨ ᠬᠠᠮᠲᠤ ᠪᠠᠷ ᠡᠳ᠋ᠯᠡᠬᠦ︾ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ ᠬᠠᠷᠢᠯᠴᠠᠨ | ᠲᠤᠰᠠᠯᠠᠬᠤ ᠪᠠᠲᠤᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠭᠡᠨ᠂ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢ ᠮᠤᠵᠢ ᠠᠯᠤᠰᠯᠠᠨ ᠬᠠᠷᠢᠯᠴᠠᠨ ᠲᠠᠳᠬᠦᠬᠦ ᠶᠢ ᠠᠬᠢᠭᠤᠯᠬᠤ ᠶᠢᠨ ᠲᠥᠯᠥᠭᠡ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ | 2024 ᠣᠨ ᠤ 7 ᠰᠠᠷ᠎ᠠ ᠳᠤ ︽ᠡᠮ ᠡᠮᠨᠡᠯᠭᠡ ᠶᠢᠨ ᠳᠠᠭᠠᠳᠬᠠᠯ ᠤᠨ ᠵᠤᠭᠤᠰᠤᠨ ᠪᠤᠬᠴᠦ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ | ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠤᠷᠢᠳ ᠢᠶᠠᠷ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ | ᠠᠷᠭ᠎ᠠ ᠮᠠᠶ᠋ᠢᠭ ᠢᠶᠠᠷ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠶᠢᠨ ᠪᠠᠶᠢᠭᠤᠯᠤᠯᠲᠠ ᠶᠢ ᠥᠷᠨᠢᠭᠦᠯᠵᠦ᠂ ᠣᠷᠳᠣᠰ ᠬᠤᠲᠠ ᠵᠢᠴᠢ ᠪᠠᠶᠠᠨᠨᠠᠭᠤᠷ | ᠬᠤᠲᠠ ᠶᠢ ᠭᠠᠷᠭᠠᠪᠠᠯ᠂ ᠪᠤᠰᠤᠳ 13 ᠨᠢᠭᠡᠳᠦᠯᠲᠡᠶ ᠲᠥᠯᠥᠪᠯᠡᠬᠦ ᠣᠷᠣᠨ ᠳᠤ ᠴᠥᠮ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠶᠢ ᠨᠡᠪᠲᠡᠷᠡᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠪᠠᠷ ᠮᠤᠵᠢ ᠠᠯᠤᠰᠯᠠᠨ ᠣᠶᠢᠷ᠎ᠠ ᠲᠥᠷᠥᠯ ᠰᠠᠳᠤᠨ ᠳᠠᠭᠠᠨ ᠬᠠᠮᠲᠤ ᠪᠠᠷ ᠲᠤᠰᠠᠯᠠᠬᠤ ᠲᠠᠩᠰᠠ ᠰᠢᠯᠵᠢᠭᠦᠯᠵᠦ | ᠪᠣᠯᠤᠨ᠎ᠠ᠃ ᠣᠳᠣᠬᠠᠨ ᠳᠤ᠂ ᠪᠥᠬᠦ ᠤᠯᠤᠰ ᠲᠤ ᠨᠡᠶᠢᠲᠡ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ | ᠪᠤᠬᠴᠦ ᠶᠢ ᠨᠡᠬᠡᠬᠡᠵᠤ ᠪᠤᠢ᠃ ᠮᠠᠨ ᠤ ᠤᠷᠤᠨ ᠨᠢᠭᠡᠳᠦᠯᠲᠡᠶ ᠲᠥᠯᠥᠪᠯᠡᠬᠦ ᠣᠷᠣᠨ ᠤ ᠲᠤᠭ᠎ᠠ᠂ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠤᠬᠴᠦ ᠢᠢᠨ | ᠲᠠᠩᠰᠠᠨ ᠡᠷᠦᠬᠡ ᠶᠢ ᠨᠡᠭᠡᠭᠡᠭᠰᠡᠨ ᠬᠥᠮᠦᠨ ᠤ ᠲᠤᠭ᠎ᠠ᠂ ᠣᠷᠣᠨ ᠤ ᠳᠣᠲᠣᠨ᠎ᠠ ᠭᠠᠳᠠᠨᠠᠬᠢ ᠲᠠᠩᠰᠠ ᠰᠢᠯᠵᠢᠭᠦᠯᠦᠭᠰᠡᠨ ᠲᠤᠭ᠎ᠠ ᠴᠥᠮ ᠡᠮᠦᠨ᠎ᠡ ᠡᠩᠨᠡᠭᠡᠨ ᠳᠤ ᠣᠷᠣᠪᠠ᠃ | ︵ᠳᠤᠰ ᠪᠤᠯᠤᠩ ᠤᠨ ᠡᠭᠡ ᠪᠢᠴᠢᠭ ᠢ ︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |