5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠳᠣᠰ ᠬᠤᠳᠠ ᠶᠢᠨ ᠲᠠᠯᠠᠳ | ᠬᠤᠰᠢᠭᠤ᠂ ᠬᠠᠩᠭᠢᠨ ᠬᠤᠰᠢᠭᠤᠨ ᠳᠤ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠤᠨ | ᠲᠤᠬᠠᠢ ᠪᠠᠶᠢᠴᠠᠭᠠᠨ ᠰᠤᠳᠤᠯᠪᠠ᠃ | | | ᠰᠦᠨ ᠱᠤᠤ ᠴᠧᠩ ᠡᠩ ᠲᠡᠷᠢᠭᠦᠨ ᠳᠤ ᠳᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤᠨ ᠤ ᠪᠠᠶᠠᠨᠰᠠᠷᠭᠦᠯᠡᠩ ᠭᠠᠴᠠᠭ᠎ᠠ ᠳᠤ ᠬᠦᠷᠴᠦ᠂ ︽ᠵᠠᠮ ᠢᠶᠠᠷ | ᠡᠯᠡᠰᠦ ᠶᠢ ᠵᠠᠰᠠᠬᠤ︾ ᠲᠦᠷᠦᠯ ᠵᠦᠢᠯ ᠤᠨ ᠣᠷᠣᠨ ᠪᠣᠯᠣᠨ ᠬᠠᠷᠠᠢ ᠭᠤᠤ ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ ᠳᠤ ᠬᠦᠷᠴᠦ᠂ ᠲᠦᠷᠦᠯ | ᠵᠦᠢᠯ ᠤᠨ ᠠᠬᠢᠴᠠ ᠪᠣᠯᠣᠨ ᠦᠷ᠎ᠡ ᠪᠦᠲᠦᠮᠵᠢ ᠶᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ | ᠰᠣᠯᠢᠯᠴᠠᠪᠠ᠃ ᠲᠡᠷᠡ᠂ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ᠂ ᠵᠠᠮ ᠢᠶᠠᠷ ᠡᠯᠡᠰᠦ ᠶᠢ | ᠵᠠᠰᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ᠂ ᠢᠨᠵᠧᠨᠧᠷᠢᠩ ᠢᠶᠠᠷ ᠡᠯᠡᠰᠦ ᠶᠢ ᠵᠠᠰᠠᠬᠤ ᠶᠢ ᠠᠬᠢᠭᠤᠯᠵᠤ᠂ ᠠᠷᠪᠠᠨ ᠶᠡᠭᠡ | ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ | ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠡᠯᠡᠰᠦᠨ ᠴᠥᠯ ᠢ ᠡᠮᠵᠢᠶᠡᠷᠢᠯᠡᠬᠦ ᠤᠢ ᠶᠢᠨ ︽ᠲᠦᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠵᠦ᠂ ᠬᠠᠳᠤᠨ | ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠰᠢᠨ ᠢᠶᠠᠷ ᠡᠯᠡᠰᠦ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠯᠡᠭᠦᠬᠡᠨ ᠠᠷᠭ᠎ᠠ ᠪᠤᠳᠤᠵᠤ ᠪᠠᠶᠢᠭᠠᠳ | ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠡᠯᠡᠰᠦ ᠶᠢ ᠵᠠᠰᠠᠬᠤ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ | ᠭᠡᠵᠡᠢ᠃ ᠬᠠᠩᠭᠢᠨ ᠬᠤᠰᠢᠭᠤᠨ ᠤ ᠳᠤᠭᠤᠶᠢᠳᠠᠯ᠎ᠠ ᠪᠠᠯᠭᠠᠰᠤ ᠶᠢᠨ ᠰᠢᠷᠠᠵᠤᠤ ᠭᠠᠴᠠᠭ᠎ᠠ ᠳᠤ᠂ ᠰᠦᠨ ᠱᠤᠤ ᠴᠧᠩ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ | ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠶᠢ ᠡᠮᠵᠢᠶᠡᠷᠢᠯᠡᠬᠦ ᠤᠢ ᠰᠢᠭᠤᠢ ᠡᠪᠡᠰᠦᠨ ᠤ ᠪᠦᠰᠡ ᠶᠢᠨ | ᠪᠠᠶᠢᠷᠢᠰᠢᠭᠤᠯᠤᠯᠲᠠ ᠪᠠ ᠬᠠᠳᠤᠨ ᠭᠤᠣᠯ ᠳᠤ ᠤᠷᠤᠰᠤᠨ ᠣᠷᠣᠬᠤ ᠡᠯᠡᠰᠦ ᠪᠠᠭᠠᠰᠤᠭᠰᠠᠨ᠂ ᠠᠮᠢ ᠠᠬᠤᠢ ᠶᠢᠨ ᠤᠰᠤ ᠬᠡᠷᠡᠭᠯᠡᠬᠦ ᠪᠠᠲᠤᠯᠠᠭ᠎ᠠ ᠵᠡᠷᠭᠡ ᠪᠠᠶᠢᠳᠠᠯ ᠢ | ᠭᠤᠣᠯᠳᠠᠯᠭ᠎ᠠ ᠲᠠᠢ ᠣᠶᠢᠯᠠᠭᠠᠪᠠ᠃ ᠲᠡᠷᠡ᠂ ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠬᠠᠳᠤᠨ ᠭᠤᠣᠯ ᠲᠠᠢ ᠬᠥᠷᠰᠢᠯᠡᠵᠦ ᠪᠠᠶᠢᠨ᠎ᠠ᠂ ᠡᠯᠡᠰᠦᠨ ᠴᠥᠯ ᠢ | ᠡᠮᠵᠢᠶᠡᠷᠢᠯᠡᠬᠦ ᠤᠢ ᠰᠢᠭᠤᠢ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠬᠢ ᠮᠣᠳᠣᠨ ᠤ ᠡᠳᠡᠭᠡᠷᠡᠯᠲᠡ ᠶᠢᠨ | ᠨᠤᠷᠮ᠎ᠠ ᠶᠢ ᠳᠡᠭᠡᠭᠰᠢᠯᠡᠭᠦᠯᠭᠦ ᠲᠠᠯ᠎ᠠ ᠪᠠᠷ ᠬᠦᠴᠦ ᠲᠠᠯᠪᠢᠵᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠮᠠᠩᠬ᠎ᠠ ᠶᠢᠨ ᠭᠤᠣᠯ ᠳᠤ | ᠣᠷᠣᠬᠤ ᠶᠢ ᠬᠤᠷᠢᠭᠯᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠶᠢ ᠶᠡᠭᠡ ᠪᠠᠷ ᠳᠡᠯᠭᠡᠷᠡᠭᠦᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠨᠡᠩ ᠰᠠᠶᠢᠲᠤᠷ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠬᠤ ᠬᠡᠷᠡᠭᠲᠡᠢ ᠭᠡᠵᠡᠢ᠃ | | | | | ᠡᠩᠬᠡᠪᠡᠢ ᠶᠢᠨ ᠡᠯᠡᠰᠦ ᠮᠠᠩᠬᠠᠨ ᠮᠦᠽᠧᠢ ᠪᠣᠯ ᠮᠠᠨ ᠤ ᠤᠯᠤᠰ ᠤᠨ ᠠᠩᠬᠠᠳᠠᠭᠴᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠷ ᠭᠤᠣᠯ ᠰᠡᠳᠦᠪ ᠪᠤᠯᠭᠠᠬᠰᠠᠨ | ᠶᠡᠷᠦᠩᠬᠡᠶᠢᠯᠡᠭᠰᠡᠨ ᠴᠢᠨᠠᠷᠲᠠᠢ ᠮᠦᠽᠧᠢ ᠪᠣᠯᠣᠨ᠎ᠠ᠃ ᠰᠦᠨ ᠱᠤᠤ ᠴᠧᠩ ᠠᠳᠡ ᠡᠯ᠎ᠡ ᠦᠵᠡᠭᠦᠯᠭᠡ ᠶᠢᠨ ᠲᠣᠭᠤᠷᠢᠭ ᠢ ᠳᠠᠷᠠᠭᠠᠯᠠᠨ ᠲᠣᠭᠤᠷᠢᠨ ᠦᠵᠡᠵᠦ᠂ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠡᠦᠬᠡ ᠶᠢᠨ ᠤᠯᠠᠷᠢᠯ ᠬᠤᠪᠢᠰᠤᠯ᠂ ᠤᠨᠤᠯ ᠤᠨ ᠦᠷ᠎ᠡ ᠪᠦᠲᠦᠭᠡᠯ ᠪᠣᠯᠣᠨ ᠦᠢᠯᠡᠳᠦᠯᠭᠡ ᠶᠢᠨ | ᠲᠤᠷᠰᠢᠯᠭ᠎ᠠ ᠶᠢ ᠣᠶᠢᠯᠠᠭᠠᠪᠠ᠃ ᠲᠡᠷᠡ᠂ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ | ᠴᠥᠭᠡᠨ ᠪᠤᠰᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠷᠢᠯᠳᠦᠭᠦᠯᠵᠡᠢ᠂ ᠨᠠᠷᠢᠨ ᠬᠢᠨᠠᠮᠠᠭᠠᠢ ᠳ᠋ᠦᠩᠨᠡᠵᠦ᠂ ᠴᠠᠭ ᠲᠤᠬᠠᠢ ᠳᠤᠨᠢ ᠳᠡᠯᠭᠡᠷᠡᠭᠦᠯᠦᠨ ᠬᠡᠷᠡᠭᠯᠡᠬᠦ | ᠬᠡᠷᠡᠭᠲᠡᠢ᠃ ᠥᠪᠥᠷ ᠮᠣᠩᠭᠤᠯ ᠤᠨ ᠡᠯᠡᠰᠦ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ᠦᠶ᠎ᠡ ᠦᠶ᠎ᠡ ᠶᠢᠨ ᠬᠥᠮᠥᠰ ᠤᠨ ᠬᠠᠲᠠᠭᠤᠵᠢᠯᠲᠠᠢ ᠪᠠᠷ ᠡᠯᠡᠰᠦ ᠶᠢ | ᠵᠠᠰᠠᠭᠰᠠᠨ ᠲᠡᠦᠬᠡᠨ ᠶᠠᠪᠤᠴᠠ ᠶᠢ ᠰᠠᠶᠢᠲᠤᠷ ᠳᠡᠯᠭᠡᠨ ᠦᠵᠡᠭᠦᠯᠵᠦ᠂ ᠨᠡᠩ ᠤᠯᠠᠨ ᠡᠬᠢ ᠪᠠᠶᠠᠯᠢᠭ ᠬᠦᠴᠦᠨ ᠴᠢᠳᠠᠯ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃ |