ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠢ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ | ᠂ ︽ᠬᠥᠯᠥᠨ ᠪᠤᠶᠢᠷ ᠬᠤᠲᠠ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | ᠶᠡᠷᠦᠩᠬᠡᠢ ᠱᠠᠭᠠᠷᠳᠠᠯᠭ᠎ᠠ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠢᠮᠠᠭᠳᠠ ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠭᠤᠤᠯ ᠡᠭᠦᠷᠭᠡ ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ ᠬᠤᠷᠳᠤᠴᠠ ᠶᠢ ᠳᠡᠭᠡᠭᠰᠢᠯᠡᠭᠦᠯᠦᠨ ᠬᠢᠨᠠᠨ ᠵᠥᠪᠰᠢᠶᠡᠷᠡᠬᠦ ᠶᠢ | ᠬᠡᠷᠡᠭᠵᠢᠭᠦᠯᠬᠦ᠂ ᠠᠵᠤ ᠠᠬᠤᠶᠢᠯᠠᠯ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠪᠣᠳᠠᠲᠠᠶ | ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠡᠭᠦᠷᠭᠡ | ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ ᠬᠢᠨᠠᠨ ᠵᠥᠪᠰᠢᠶᠡᠷᠡᠬᠦ ᠬᠤᠷᠳᠤᠴᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠬᠦᠯᠦᠨ᠎ᠡ | ᠠᠵᠤ ᠠᠬᠤᠶᠢᠯᠠᠯ ᠳᠤ ᠬᠤᠯᠪᠣᠭᠳᠠᠬᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ | | ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ ᠵᠦᠢᠯᠡᠰ ᠢ ᠨᠡᠪᠲᠡᠷᠡᠯᠴᠡᠨ ᠵᠣᠬᠢᠴᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ ᠠᠵᠤ | ᠠᠬᠤᠶᠢᠯᠠᠯ ᠳᠤ ᠦᠢᠯᠡᠴᠢᠯᠡᠬᠦ ᠵᠠᠮ ᠰᠤᠪᠠᠭ ᠢ ᠰᠠᠭᠠᠳ ᠦᠭᠡᠢ ᠨᠡᠪᠲᠡᠷᠡᠭᠦᠯᠦᠨ᠎ᠡ | ᠠᠵᠤ ᠠᠬᠤᠶᠢᠯᠠᠯ ᠤᠨ ᠳᠠᠩᠰᠠᠨ ᠵᠣᠭᠤᠰ ᠢ ᠢᠯᠭᠠᠷᠠᠭᠤᠯᠤᠨ ᠪᠤᠴᠠᠭᠠᠬᠤ ᠶᠢ ᠲᠦᠷᠭᠡᠳᠭᠡᠨ᠎ᠡ ᠢᠯᠭᠠᠷᠠᠭᠤᠯᠤᠨ ᠲᠦᠯᠦᠬᠦ ᠡᠷᠴᠢᠮ ᠢᠶᠠᠨ ᠴᠢᠩᠭᠠᠷᠠᠭᠤᠯᠤᠨ᠎ᠠ | ᠠᠵᠤ ᠠᠬᠤᠶᠢᠯᠠᠯ ᠤᠨ ︽ᠬᠡᠯᠬᠢᠶᠡᠲᠤ ᠢᠯᠭᠠᠷᠠᠭᠤᠯᠬᠤ︾ ᠠᠵᠢᠯᠯᠠᠭᠠᠨ ᠢ ᠪᠠᠲᠤᠲᠠᠢ ᠬᠡᠷᠡᠭᠵᠢᠬᠦᠯᠦᠨ᠎ᠡ | ᠠᠵᠤ ᠠᠬᠤᠶᠢᠯᠠᠯ ᠳᠤ ᠨᠡᠩ ᠡᠷᠬᠡ ᠲᠡᠭᠰᠢ ᠮᠣᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠵᠣᠯᠭᠠᠭᠤᠯᠤᠯᠲᠠ ᠶᠢ ᠴᠢᠩᠭᠠᠷᠠᠭᠤᠯᠤᠨ᠎ᠠ | ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ | ᠳᠡᠭᠡᠭᠰᠢᠯᠡᠭᠦᠯᠦᠨ᠎ᠡ | ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠳᠠ ᠬᠦᠯᠢᠶᠡᠬᠦ ᠬᠦᠷᠢᠶ᠎ᠡ ᠴᠠᠷᠠᠭᠠᠨ ᠤ ᠡᠷᠬᠡ ᠲᠡᠭᠰᠢ ᠲᠥᠪ ᠭᠤᠣᠯᠴᠢ ᠶᠢ ᠲᠦᠯᠬᠢᠨ | ᠠᠬᠢᠭᠤᠯᠤᠨ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠪᠡᠷ ᠤᠨ ᠪᠡᠯᠡ ᠮᠥᠩᠭᠦ ᠪᠠᠨ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠦᠶ᠎ᠡ ᠶᠢᠨ ᠬᠠᠮᠢᠶᠠᠷᠤᠯᠲᠠ | ᠵᠢᠷᠤᠮᠵᠢᠭᠤᠯᠤᠭᠳᠠᠬᠤ ᠶᠢ ᠪᠠᠲᠤᠯᠠᠨ᠎ᠠ | ᠠᠵᠤ ᠠᠬᠤᠶᠢᠯᠠᠯ ᠤᠨ ᠠᠷᠠᠯᠵᠢᠶᠠᠯᠠᠬᠤ ᠵᠠᠷᠤᠳᠠᠯ ᠢ ᠪᠠᠭᠤᠷᠠᠭᠤᠯᠤᠨ᠎ᠠ | ᠵᠠᠰᠠᠭ ᠤᠨ ᠣᠷᠳᠣᠨ ᠤ ᠬᠤᠳᠠᠯᠳᠤᠨ ᠠᠪᠬᠤ ᠳᠤᠮᠳᠠ ᠵᠢᠵᠢᠭ ᠠᠵᠤ ᠠᠬᠤᠶᠢᠯᠠᠯ ᠤᠨ ᠤᠷᠢᠳᠴᠢᠯᠠᠨ ᠦᠯᠡᠳᠡᠭᠡᠬᠦ ᠬᠠᠷᠢᠴᠠᠯ ᠢ ᠨᠡᠮᠡᠭᠳᠡᠭᠦᠯᠦᠨ᠎ᠡ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠰᠢᠯᠢᠳᠡᠭᠵᠢᠭᠦᠯᠦᠨ ᠵᠢᠷᠤᠮᠵᠢᠭᠤᠯᠤᠨ᠎ᠠ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠵᠦᠢᠯᠡᠰ ᠢ | ᠵᠢᠷᠤᠮᠵᠢᠭᠤᠯᠤᠨ᠎ᠠ | ᠠᠵᠤ ᠠᠬᠤᠶᠢᠯᠠᠯ ᠤᠨ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠲᠠ ᠬᠢᠬᠦ ᠪᠠ ᠰᠦᠢᠳᠬᠡᠯ ᠬᠤᠷᠢᠶᠠᠬᠤ ᠶᠢ ᠵᠢᠷᠤᠮᠵᠢᠭᠤᠯᠤᠨ᠎ᠠ | ᠠᠵᠤ ᠠᠬᠤᠶᠢᠯᠠᠯ ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠭᠲᠠᠯᠴᠠᠭ᠎ᠠ ᠶᠢ | ᠰᠢᠯᠢᠳᠡᠭᠵᠢᠭᠦᠯᠦᠨ᠎ᠡ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ ᠠᠵᠤ ᠠᠬᠤᠶᠢᠯᠠᠯ ᠳᠤ ᠬᠤᠯᠪᠤᠭᠳᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠨᠦᠬᠦᠪᠦᠷᠢ ᠶᠢᠨ ᠡᠷᠴᠢᠮ ᠢ ᠴᠢᠩᠭᠠᠷᠠᠭᠤᠯᠤᠨ᠎ᠠ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠎ᠠ | ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠠᠵᠤ ᠠᠬᠤᠶᠢᠯᠠᠯ ᠤᠨ ᠬᠢᠨᠠᠨ ᠵᠦᠪᠰᠢᠶᠡᠷᠡᠯ ᠤᠨ ᠤᠷᠤᠯᠠᠨ | ᠦᠢᠯᠡᠴᠢᠯᠡᠬᠦ ᠲᠣᠭᠲᠠᠴᠠ ᠶᠢ ᠪᠠᠶᠢᠭᠤᠯᠤᠨ᠎ᠠ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠬᠦᠯᠬᠦ ᠶᠢ ᠤᠨᠤᠴᠠᠲᠠᠢ ᠬᠦᠴᠦᠯᠡᠨ ᠠᠬᠢᠭᠤᠯᠵᠤ᠂ ᠬᠡᠪᠴᠢᠶᠡᠵᠢᠯ ᠳᠤ ᠳᠡᠪᠰᠢᠵᠦ ᠪᠦᠷᠢᠳᠬᠡᠯ ᠳᠤ | ᠤᠷᠤᠭᠤᠯᠬᠤ ᠶᠢ ᠪᠡᠶᠡᠯᠡᠬᠦᠯᠦᠨ᠎ᠡ | ᠲᠥᠪ ᠤᠨ ᠪᠠ ᠣᠷᠣᠨ ᠨᠤᠲᠤᠭ ᠤᠨ ᠬᠠᠮᠲᠤᠪᠠᠷ ᠪᠠᠶᠢᠭᠤᠯᠬᠤ ᠬᠠᠮᠲᠤᠷᠠᠯᠴᠠᠭ᠎ᠠ ᠶᠢ ᠭᠦᠨᠵᠡᠭᠡᠶᠢᠷᠡᠬᠦᠯᠦᠨᠡ ᠪᠠᠳᠤᠯᠠᠭ᠎ᠠ ᠶᠢᠨ ᠠᠷᠭ᠎ᠠ ᠬᠡᠮᠵᠢᠶ᠎ᠠ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠤᠳᠠᠭᠠᠨ ᠳᠠᠭᠠᠭᠠᠮᠠᠭᠠᠢ ᠳᠤᠭᠲᠠᠴᠠ ᠶᠢ ᠪᠠᠶᠢᠭᠤᠯᠤᠨ᠎ᠠ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠎ᠠ |