5 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ | ᠭᠡᠭᠡᠨ ᠭᠤᠣᠯ ᠬᠤᠲᠠ ᠶᠢᠨ ᠤᠯᠭᠤᠶᠠ ᠴᠡ ᠪᠤᠭᠤ ᠶᠢᠨ ᠦᠵᠡᠮᠵᠢ ᠶᠢᠨ ᠣᠷᠣᠨ ᠤ ᠤᠯᠤᠰ ᠤᠨ 5A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠭᠦᠳᠦᠨ ᠪᠠᠶᠢᠭᠤᠯᠬᠤ ᠶᠢ ᠬᠠᠪᠰᠤᠷᠤᠨ ᠵᠢᠯᠣᠭᠤᠳᠬᠤ ᠲᠤᠰᠬᠠᠢ ᠮᠡᠷᠭᠡᠵᠢᠯᠲᠡᠨ ᠤ | ᠳᠤᠭᠤᠶᠢᠯᠠᠩ ᠤᠨ ᠰᠢᠨᠵᠢᠯᠡᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠵᠡᠮᠵᠢ ᠶᠢᠨ ᠣᠷᠣᠨ ᠤ ᠡᠵᠡᠩᠨᠡᠯᠲᠡ ᠶᠢᠨ | ᠪᠣᠳᠠᠲᠤ ᠪᠠᠶᠢᠳᠠᠯ ᠢ ᠦᠨᠳᠦᠰᠦᠯᠡᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠳᠠ ᠶᠢᠨ ᠤᠳᠤᠷᠢᠳᠤᠯᠭ᠎ᠠ | ᠬᠤ᠋ ᡁᠢ ᠸᠧᠨ᠂ ᠵᠤᠤ ᠫᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠰᠦᠨ ᠱᠠᠩ ᠭᠦᠸᠧ ᠵᠢᠭᠠᠵᠤ ᠭᠠᠷᠭᠠᠭᠰᠠᠨ ᠨᠢ᠂ ᠭᠡᠭᠡᠨ ᠭᠤᠣᠯ ᠬᠤᠲᠠ ᠶᠢᠨ ᠤᠯᠭᠤᠶᠠ ᠴᠡ ᠪᠤᠭᠤ ᠶᠢᠨ ᠦᠵᠡᠮᠵᠢ ᠶᠢᠨ ᠣᠷᠣᠨ ᠤ ᠤᠯᠤᠰ ᠤᠨ 5A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ | ᠂ ᠪᠠᠰᠠ ᠴᠤ ᠭᠡᠭᠡᠨ ᠭᠤᠤᠯ ᠬᠤᠲᠠ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠴᠢᠬᠤᠯᠠ | ᠭᠠᠷᠳᠠᠴᠠ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ | ᠠᠵᠠ ᠲᠣᠬᠢᠶᠠᠯ ᠪᠣᠯᠭᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠦᠵᠡᠮᠵᠢ ᠶᠢᠨ ᠣᠷᠣᠨ ᠤ ᠴᠢᠳᠠᠮᠵᠢ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠬᠠᠮᠢᠶᠠᠷᠤᠯᠲᠠ | ᠡᠵᠡᠩᠨᠡᠯᠲᠡ ᠶᠢ ᠵᠢᠷᠤᠮᠵᠢᠭᠤᠯᠵᠤ᠂ ᠭᠡᠭᠡᠨ ᠭᠤᠤᠯ ᠤᠨ ᠰᠣᠶᠣᠯ ᠵᠢᠭᠤᠯᠴᠢᠯᠠᠯ ᠤᠨ ︽ᠠᠯᠲᠠᠨ ᠦᠰᠦᠭᠲᠦ ᠫᠠᠶᠢᠰᠠ︾ ᠶᠢ ᠤᠯᠠᠮ ᠨᠢᠭᠡ ᠠᠯᠬᠤᠮ ᠭᠡᠷᠡᠯᠲᠦᠭᠦᠯᠬᠦ | ᠬᠡᠷᠡᠭᠲᠡᠶ᠃ | ᠰᠦᠨ ᠱᠠᠩ ᠭᠦᠸᠧ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ | ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠡᠭᠦᠳᠦᠨ ᠪᠠᠶᠢᠭᠤᠯᠬᠤ ᠠᠵᠢᠯ ᠤᠨ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠭᠤᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠡᠮᠬᠢᠯᠡᠨ ᠲᠣᠭᠲᠠᠭᠠᠵᠤ᠂ ᠠᠵᠢᠯ ᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠱᠠᠲᠤ ᠦᠶ᠎ᠡ ᠶᠢᠨ ᠴᠢᠨᠠᠷᠲᠠᠶ ᠡᠭᠦᠳᠦᠨ ᠪᠠᠶᠢᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ ᠰᠢᠨ᠎ᠡ ᠦᠢᠯᠡᠳᠬᠦᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠤᠯᠠᠨ ᠡᠰᠢᠲᠦ ᠬᠡᠷᠡᠭᠯᠡᠭᠡᠨ ᠤ ᠪᠠᠶᠢᠳᠠᠯ ᠢ ᠪᠤᠢ | ᠪᠣᠯᠭᠠᠵᠤ᠂ ᠲᠠᠲᠠᠬᠤ ᠬᠦᠴᠦᠨ᠂ ᠦᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠲᠠᠢ ᠴᠢᠨᠠᠷ ᠰᠠᠶᠢᠲᠠᠢ ᠦᠵᠡᠮᠵᠢ ᠶᠢᠨ ᠣᠷᠣᠨ ᠢ | ᠪᠠᠶᠢᠭᠤᠯᠬᠤ ᠬᠡᠷᠡᠭᠲᠡᠢ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠤᠯᠠᠨ ᠵᠦᠢᠯ ᠤᠨ ᠠᠷᠭ᠎ᠠ | ᠵᠠᠮ ᠢ ᠭᠦᠢᠴᠡᠳ ᠠᠰᠢᠭᠯᠠᠵᠤ᠂ ᠤᠯᠭᠤᠶᠠ ᠴᠡ ᠪᠤᠭᠤ ᠶᠢᠨ ᠦᠵᠡᠮᠵᠢ ᠶᠢᠨ ᠣᠷᠣᠨ ᠤ ᠥᠪᠡᠷᠮᠢᠴᠡ ᠷᠢᠳᠢ ᠰᠢᠳᠢ ᠶᠢ ᠤᠯᠠᠨ ᠲᠠᠯ᠎ᠠ ᠠᠴᠠ ᠢᠯᠡᠷᠡᠭᠦᠯᠵᠦ᠂ ᠭᠡᠭᠡᠨ | ᠭᠤᠣᠯ ᠬᠤᠳᠠ ᠶᠢᠨ ᠵᠤᠭᠠᠴᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ |