ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠪᠡᠭᠡᠵᠢᠩ ᠬᠤᠲᠠ ᠶᠢᠨ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠭᠢᠯᠡᠭᠦ ᠭᠠᠵᠠᠷ ᠠᠴᠠ ᠬᠠᠮᠲᠤᠷᠠᠨ ᠡᠷᠭᠢᠯᠡᠭᠰᠡᠨ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ | ᠰᠣᠯᠢᠯᠴᠠᠭᠠᠨ ᠤ ᠠᠵᠢᠯᠯᠠᠭ᠎ᠠ ᠲᠦᠷᠦᠭᠦᠬᠡᠨ ᠪᠡᠭᠡᠵᠢᠩ ᠳᠤ ᠶᠠᠪᠤᠭᠳᠠᠪᠠ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠵᠠᠯᠠᠭᠤᠴᠤᠳ ᠤᠨ ᠬᠤᠯᠪᠤᠭ᠎ᠠ ᠶᠢᠨ | ᠭᠡᠰᠢᠭᠦᠨ᠂ ᠵᠠᠯᠠᠭᠤ ᠠᠵᠤ ᠠᠬᠤᠶᠢᠯᠠᠯᠲᠠᠨ᠂ ᠦᠢᠯᠡᠰ ᠪᠣᠰᠬᠠᠭᠴᠢ ᠵᠠᠯᠠᠭᠤᠴᠤᠳ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠠᠯᠠᠭᠤᠴᠤᠳ | ᠵᠡᠷᠭᠡ ᠰᠢᠯᠢᠳᠡᠭ ᠵᠠᠯᠠᠭᠤᠴᠤᠳ ᠤᠨ ᠲᠥᠯᠥᠭᠡᠯᠡᠭᠴᠢ ᠨᠡᠶᠢᠳᠡ 180 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠨᠢ ︽ᠪᠡᠭᠡᠵᠢᠩ ᠥᠪᠥᠷ ᠮᠣᠩᠭᠤᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠨ ᠬᠠᠮᠵᠢᠯᠴᠠᠭ᠎ᠠ ᠶᠢ ᠠᠬᠢᠭᠤᠯᠤᠨ ᠬᠡᠬᠦᠳᠡᠭ ᠳᠦᠭᠦᠷᠡᠩ ᠢᠲᠡᠭᠡᠯ | ᠵᠣᠷᠢᠭ ᠢᠶᠠᠷ ᠵᠠᠯᠠᠭᠤ ᠨᠠᠰᠤᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠪᠠᠷ ᠭᠤᠣᠯ ᠰᠡᠳᠦᠪ ᠪᠤᠯᠭᠠᠵᠤ᠂ ᠪᠡᠭᠡᠵᠢᠩ ᠥᠪᠥᠷ ᠮᠣᠩᠭᠤᠯ ᠤᠨ ᠵᠠᠯᠠᠭᠤ | ᠴᠢᠳᠠᠪᠤᠷᠢᠲᠠᠨ ᠤ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠪᠡᠭᠡᠵᠢᠩ ᠤᠨ ᠴᠢᠳᠠᠪᠤᠷᠢᠲᠠᠨ ᠤ ᠥᠪᠥᠷ ᠮᠣᠩᠭᠤᠯ ᠳᠤ ᠢᠷᠡᠵᠦ ᠦᠢᠯᠡᠰ ᠪᠣᠰᠬᠠᠬᠤ᠂ ᠪᠡᠯᠡ | ᠣᠷᠣᠭᠤᠯᠬᠤ ᠶᠢ ᠠᠬᠢᠭᠤᠯᠬᠤ ᠪᠠᠷ ᠭᠤᠣᠯ ᠵᠣᠷᠢᠯᠲᠠ ᠪᠠᠨ ᠪᠣᠯᠭᠠᠪᠠ᠃ | ᠬᠤᠷᠠᠯ ᠳᠡᠭᠡᠷ᠎ᠡ ᠮᠠᠨ ᠤ ᠣᠷᠣᠨ ᠳᠤ ᠪᠠᠭᠰᠢᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠴᠢᠳᠠᠪᠤᠷᠢᠲᠠᠨ ᠤ ᠲᠥᠯᠥᠭᠡᠯᠡᠭᠴᠢ ᠠᠴᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠠᠪᠠᠭᠤᠯᠢᠭ ᠲᠦᠷᠦ ᠶᠢᠨ ᠪᠣᠳᠣᠯᠭ᠎ᠠ᠂ ᠳᠡᠭᠡᠳᠦ ᠲᠡᠰ ᠤᠨ | ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠵᠡᠷᠭᠡ ᠲᠠᠯ᠎ᠠ ᠠᠴᠠ ᠲᠠᠨᠢᠯᠴᠠᠭᠤᠯᠪᠠ ; ᠮᠣᠩᠭᠤᠯ ᠤᠯᠤᠰ ᠲᠤ ᠰᠤᠷᠤᠯᠴᠠᠵᠤ ᠪᠠᠶᠢᠭ᠎ᠠ ᠬᠤᠶᠠᠷ | ᠵᠠᠯᠠᠭᠤ ᠴᠢᠳᠠᠪᠤᠷᠢᠲᠠᠨ ᠤ ᠲᠥᠯᠥᠭᠡᠯᠡᠭᠴᠢ ᠥᠷᠭᠡᠨ ᠣᠯᠠᠨ ᠵᠠᠯᠠᠭᠤ ᠴᠢᠳᠠᠪᠤᠷᠢᠲᠠᠨ ᠥᠪᠥᠷ ᠮᠣᠩᠭᠤᠯ ᠳᠤ ᠢᠷᠡᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠬᠦᠴᠦᠨ ᠢ ᠠᠰᠢᠭᠯᠠᠨ ᠤᠮᠠᠷᠠᠲᠤ ᠬᠢᠯᠢ ᠶᠢ ᠬᠠᠮᠲᠤ ᠪᠠᠷ ᠪᠦᠲᠦᠭᠡᠨ ᠪᠠᠶᠢᠭᠤᠯᠵᠤ᠂ ᠤᠮᠠᠷᠠᠲᠤ ᠬᠢᠯᠢ ᠳᠤ ᠦᠢᠯᠡᠴᠢᠯᠡᠨ᠂ ᠤᠮᠠᠷᠠᠲᠤ ᠬᠢᠯᠢ ᠳᠤ | ᠬᠤᠪᠢ ᠨᠡᠮᠡᠷᠢ ᠦᠵᠡᠭᠦᠯᠵᠦ᠂ ᠤᠮᠠᠷᠠᠲᠤ ᠬᠢᠯᠢ ᠶᠢᠨ ᠥᠷᠨᠢᠩᠭᠦᠢ ᠬᠥᠭᠵᠢᠯᠲᠡ ᠶᠢ ᠬᠠᠮᠲᠤ ᠪᠠᠷ ᠵᠢᠷᠤᠭᠯᠠᠬᠤ ᠶᠢ ᠤᠷᠢᠶᠠᠯᠠᠪᠠ᠃ | ᠪᠡᠭᠡᠵᠢᠩ ᠤᠨ ᠡᠯ᠎ᠡ ᠡᠲᠡᠭᠡᠳ ᠤᠨ ᠵᠠᠯᠠᠭᠤᠴᠤᠳ ᠨᠡᠶᠢᠭᠡᠮ ᠤᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠢᠯᠢ ᠬᠢᠵᠠᠭᠠᠷ ᠣᠷᠣᠨ ᠤ | ᠬᠥᠭᠵᠢᠯᠲᠡ ᠶᠢ ᠢᠳᠡᠪᠬᠢᠲᠡᠢ ᠠᠩᠬᠠᠷᠤᠨ ᠲᠡᠮᠵᠢᠵᠤ ᠪᠠᠶᠢᠭ᠎ᠠ ᠪᠠᠨ ᠢᠯᠡᠳᠬᠡᠵᠦ᠂ ᠪᠡᠭᠡᠵᠢᠩ ᠬᠤᠳᠠ ᠶᠢᠨ ᠵᠠᠯᠠᠭᠤᠴᠤᠳ ᠤᠨ ᠬᠤᠯᠪᠤᠭ᠎ᠠ ᠠᠴᠠ ᠬᠢᠯᠢ ᠬᠢᠵᠠᠭᠠᠷ | ᠣᠷᠣᠨ ᠳᠤ ᠦᠨᠳᠦᠰᠦᠯᠡᠭᠰᠡᠨ ᠵᠠᠯᠠᠭᠤᠴᠤᠳ ᠲᠤ ᠬᠢᠯᠢ ᠴᠠᠭᠳᠠᠬᠤ ᠮᠣᠲ᠋ᠣᠷ ᠬᠠᠨᠳᠢᠪᠯᠡᠪᠠ᠃ |