ᠪᠦᠭᠦ ᠤᠯᠤᠰ ᠤᠨ ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ︵ᠳᠣᠷᠣᠭᠰᠢ ︽ᠪᠦᠭᠦ ᠤᠯᠤᠰ ᠤᠨ ᠳ᠋ᠠᠶᠢᠲ᠋ᠠ ᠶᠢᠨ | ᠪᠠᠷᠢᠮᠵᠢᠶᠠᠵᠢᠭᠤᠯᠤᠯᠲᠠ ᠶᠢᠨ ᠵᠥᠪᠯᠡᠯ︾ ᠭᠡᠵᠦ ᠲᠣᠪᠴᠢᠯᠠᠨ᠎ᠠ︶ ᠣᠶᠢᠷ᠎ᠠ ᠳᠤ ᠪᠦᠷᠢᠯᠳᠦᠭᠦᠨ ᠨᠢᠭᠡᠴᠢ ᠶᠢᠨ ᠨᠡᠷᠡᠰ ᠢ ᠨᠡᠶᠢᠲᠡᠯᠡᠪᠡ᠂ ᠡᠭᠦᠨ ᠳᠤ ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠪᠦᠭᠦ ᠤᠯᠤᠰ ᠤᠨ ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠶᠢᠨ ᠵᠥᠪᠯᠡᠯ ᠤᠨ WG4 ᠪᠦᠭᠦ ᠣᠷᠣᠨ ᠪᠦᠰᠡ ᠶᠢᠨ | ᠲᠣᠭᠠᠴᠢᠯᠠᠯᠳᠡ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠠᠷᠢᠮᠵᠢᠶ᠎ᠠ ᠶᠢᠨ ᠠᠵᠢᠯ ᠤᠨ ᠳᠤᠭᠤᠶᠢᠯᠠᠩ᠂ WG5 ᠳ᠋ᠠᠶᠢᠲ᠋ᠠ ᠶᠢᠨ ᠮᠡᠷᠭᠡᠵᠢᠯ ᠤᠨ ᠪᠠᠷᠢᠮᠵᠢᠶ᠎ᠠ ᠶᠢᠨ | ᠠᠵᠢᠯ ᠤᠨ ᠳᠤᠭᠤᠶᠢᠯᠠᠩ ᠤᠨ ᠪᠦᠷᠢᠯᠳᠦᠭᠦᠨ ᠨᠢᠭᠡᠴᠢ ᠪᠠᠷ ᠰᠣᠩᠭᠤᠭᠳᠠᠵᠠᠢ᠃ | ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠪᠣᠯ ᠳ᠋ᠠᠶᠢᠲ᠋ᠠ ᠶᠢᠨ ᠠᠵᠢᠯ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠮᠡᠷᠭᠡᠵᠢᠯ ᠤᠨ ᠰᠢᠨ᠎ᠡ ᠶᠢ | ᠡᠭᠦᠳᠦᠨ ᠬᠡᠷᠡᠭᠯᠡᠬᠦ ᠶᠢ ᠠᠬᠢᠭᠤᠯᠬᠤ᠂ ᠠᠵᠤ ᠦᠢᠯᠡᠰ ᠤᠨ ᠠᠮᠢ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ᠂ ᠳ᠋ᠠᠶᠢᠲ᠋ᠠ ᠶᠢᠨ ᠡᠯᠧᠮᠧᠨ᠋ᠲ ᠤᠨ ᠳᠠᠯᠳᠠ | ᠬᠦᠴᠦᠨ ᠢ ᠬᠥᠭᠵᠢᠭᠡᠬᠦ᠂ ᠳ᠋ᠠᠶᠢᠲ᠋ᠠ ᠶᠢᠨ ᠡᠯᠧᠮᠧᠨ᠋ᠲ ᠤᠨ ᠥᠷᠲᠡᠭ ᠢ ᠬᠥᠭᠵᠢᠭᠡᠬᠦ᠂ ᠲᠣᠭᠠᠴᠢᠯᠠᠭᠰᠠᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠬᠦ ᠳᠤ ᠴᠢᠬᠤᠯᠠ | ᠦᠢᠯᠡᠳᠦᠯ ᠲᠠᠢ ᠶᠤᠮ᠃ 2018 ᠣᠨ ᠠᠴᠠ ᠣᠲᠣ ᠪᠤᠯᠲᠠᠯ᠎ᠠ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠨᠡᠶᠢᠲᠡ 4 ᠵᠦᠢᠯ ᠤᠨ | ᠤᠯᠤᠰ ᠤᠨ ᠳ᠋ᠠᠶᠢᠲ᠋ᠠ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ 24 ᠵᠦᠢᠯ ᠤᠨ ᠳ᠋ᠠᠶᠢᠲ᠋ᠠ ᠶᠢᠨ ᠲᠥᠷᠥᠯ ᠤᠨ ᠣᠷᠣᠨ ᠨᠤᠲᠤᠭ ᠤᠨ | ᠪᠠᠷᠢᠮᠵᠢᠶ᠎ᠠ ᠶᠢ ᠭᠤᠶᠤᠴᠢᠯᠠᠨ ᠮᠡᠳᠡᠭᠦᠯᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠠᠢ᠂ ᠡᠭᠦᠨ ᠳᠤ ᠰᠠᠭᠤᠷᠢ ᠲᠥᠷᠥᠯ 1 ᠵᠦᠢᠯ᠂ ᠲᠠᠪᠴᠠᠩ ᠤᠨ ᠮᠡᠷᠭᠡᠵᠢᠯ ᠤᠨ | ᠲᠥᠷᠥᠯ 2 ᠵᠦᠢᠯ᠂ ᠳ᠋ᠠᠶᠢᠲ᠋ᠠ ᠶᠢᠨ ᠲᠥᠪ ᠤᠨ ᠲᠥᠷᠥᠯ 3 ᠵᠦᠢᠯ᠂ ᠳ᠋ᠠᠶᠢᠲ᠋ᠠ ᠶᠢᠨ ᠠᠮᠤᠷ ᠲᠦᠪᠰᠢᠨ ᠤ ᠲᠥᠷᠥᠯ 7 ᠵᠦᠢᠯ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠲᠥᠷᠥᠯ 7 ᠵᠦᠢᠯ᠂ ᠠᠵᠢᠯ ᠲᠥᠷᠥᠯ ᠤᠨ ᠬᠡᠷᠡᠭᠯᠡᠭᠡᠨ ᠤ ᠲᠥᠷᠥᠯ 4 ᠵᠦᠢᠯ ᠪᠠᠶᠢᠵᠤ᠂ ᠪᠣᠳᠠᠲᠤ ᠠᠵᠢᠯ ᠤᠨ ᠦᠷ᠎ᠡ ᠪᠦᠲᠦᠮᠵᠢ ᠪᠠᠷ ᠢᠶᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠨᠡᠶᠢᠭᠡᠮ᠂ ᠣᠯᠠᠨ ᠨᠡᠶᠢᠲᠡ ᠶᠢᠨ ᠦᠢᠯᠡᠴᠢᠯᠡᠭᠡ᠂ | ᠡᠨᠧᠷᠭᠢ᠂ ᠮᠠᠯ ᠠᠵᠤ ᠠᠬᠤᠢ ᠲᠠᠷᠢᠶᠠᠯᠠᠩ᠂ ᠢᠳᠡᠭᠡᠨ ᠵᠡᠷᠭᠡ ᠬᠦᠷᠢᠶᠡᠨ ᠳᠠᠬᠢ ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠬᠦᠴᠦᠲᠡᠢ ᠠᠬᠢᠭᠤᠯᠪᠠ᠃ | ᠪᠦᠭᠦ ᠤᠯᠤᠰ ᠤᠨ ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠶᠢᠨ ᠵᠥᠪᠯᠡᠯ ᠳᠤ ᠣᠷᠣᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠪᠠᠷᠢᠮᠵᠢᠶ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠨ ᠳᠠᠬᠢ ᠡᠯ᠎ᠡ ᠵᠦᠢᠯ ᠤᠨ ᠪᠠᠷᠢᠮᠵᠢᠶ᠎ᠠ ᠶᠢ ᠲᠣᠭᠲᠠᠭᠠᠵᠤ | ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠳ᠋ᠠᠶᠢᠲ᠋ᠠ ᠶᠢᠨ ᠪᠠᠷᠢᠮᠵᠢᠶ᠎ᠠ ᠶᠢᠨ ᠰᠤᠳᠤᠯᠭᠠᠨ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ | ᠳ᠋ᠠᠶᠢᠲ᠋ᠠ ᠶᠢᠨ ᠪᠠᠷᠢᠮᠵᠢᠶᠠᠵᠢᠭᠤᠯᠤᠯᠲᠠ ᠶᠢᠨ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠳ᠋ᠠᠶᠢᠲ᠋ᠠ ᠶᠢᠨ ᠪᠠᠷᠢᠮᠵᠢᠶ᠎ᠠ ᠶᠢᠨ ᠳᠣᠣᠷᠠᠳᠤ | ᠳᠠᠪᠬᠤᠷᠭ᠎ᠠ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠳ᠋ᠠᠶᠢᠲ᠋ᠠ ᠶᠢᠨ ᠬᠦᠴᠦᠨ ᠵᠦᠢᠯ ᠤᠨ ᠥᠷᠲᠡᠭ ᠢ | ᠪᠠᠳᠠᠷᠠᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ |