ᠪᠤᠭᠤᠲᠤ ᠬᠤᠳᠠ ᠳᠤ ᠣᠷᠣᠨ ᠤ ᠲᠡᠰ ᠤᠨ ᠠᠺᠠᠳᠧᠮᠢᠴᠢ ᠶᠢᠨ ᠠᠵᠢᠯᠯᠠᠬᠤ ᠦᠷᠳᠡᠭᠡ 2 ᠨᠡᠮᠡᠭᠳᠡᠪᠡ
ᠨᠡᠶᠢᠲᠡᠯᠡᠭᠰᠡᠨ ᠴᠠᠭ᠄
2025/6/10
    ᠣᠶᠢᠷ᠎ᠠ ᠶᠢᠨ ᠡᠳᠦᠷ᠂ ᠲᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ᠤᠨ ᠡᠷᠡᠮᠡᠯᠵᠡᠭᠰᠡᠨ ᠳᠡᠭᠡᠳᠦ ᠲᠡᠰ ᠤᠨ ᠰᠣᠷᠢᠨᠵᠢᠨ ᠴᠢᠨᠠᠷᠲᠤ ᠮᠠᠲ᠋ᠧᠷᠢᠶᠠᠯ ᠤᠨ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠪᠣᠯᠣᠨ ᠲᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠡᠷᠡᠮᠡᠯᠵᠡᠭᠰᠡᠨ ᠵᠠᠮ ᠬᠥᠭᠦᠷᠭᠡ ᠶᠢᠨ ᠣᠶᠤᠨᠴᠢ ᠪᠠᠶᠢᠭᠤᠯᠤᠨ ᠴᠣᠭᠴᠠᠯᠠᠬᠤ ᠪᠣᠯᠣᠨ ᠠᠵᠢᠯᠯᠠᠭᠤᠯᠤᠨ ᠬᠠᠮᠠᠭᠠᠯᠠᠬᠤ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠳᠤ ᠳᠠᠩᠰᠠᠯᠠᠭᠳᠠᠵᠤ᠂ ᠪᠤᠭᠤᠲᠤ ᠬᠤᠳᠠ ᠳᠤ ᠣᠷᠣᠨ ᠤ ᠲᠡᠰ ᠤᠨ ᠠᠺᠠᠳᠧᠮᠢᠴᠢ ᠶᠢᠨ ᠠᠵᠢᠯᠯᠠᠬᠤ ᠦᠷᠳᠡᠭᠡ 2 ᠨᠡᠮᠡᠭᠳᠡᠭᠰᠡᠨ ᠪᠠᠶᠢᠨ᠎ᠠ᠃     ᠲᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ᠪᠣᠯᠣᠨ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠶᠠᠩ ᠴᠧᠩ ᠪᠤᠤ ᠠᠺᠠᠳᠧᠮᠢᠴᠢ ᠶᠢᠨ ᠬᠠᠮᠲᠤᠷᠠᠨ ᠪᠠᠶᠢᠭᠤᠯᠤᠭᠰᠠᠨ ᠳᠡᠭᠡᠳᠦ ᠲᠡᠰ ᠤᠨ ᠰᠣᠷᠢᠨᠵᠢᠨ ᠴᠢᠨᠠᠷᠲᠤ ᠮᠠᠲ᠋ᠧᠷᠢᠶᠠᠯ ᠤᠨ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡ ᠶᠢᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠲᠣᠭᠤᠷᠢᠨ ᠳᠤ ᠬᠠᠮᠵᠢᠯᠴᠠᠭ᠎ᠠ ᠥᠷᠨᠢᠭᠦᠯᠵᠦ᠂ ᠰᠢᠨ᠎ᠡ ᠶᠢ ᠡᠭᠦᠳᠬᠦ ᠲᠠᠪᠴᠠᠩ ᠪᠠᠶᠢᠭᠤᠯᠤᠨ᠂ ᠬᠠᠮ ᠭᠡᠯᠪᠡᠷᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦᠷ ᠨᠡᠮᠡᠷᠢᠯᠡᠬᠦ ᠪᠣᠯᠣᠨ᠎ᠠ᠃     ᠲᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠣᠯᠣᠨ ᠰᠢᠩᠭᠠᠫᠤᠷ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢᠨ ᠬᠠᠮᠲᠤᠷᠠᠨ ᠪᠠᠶᠢᠭᠤᠯᠤᠭᠰᠠᠨ ᠵᠠᠮ ᠬᠥᠭᠦᠷᠭᠡ ᠶᠢ ᠣᠶᠤᠨᠴᠢ ᠪᠠᠷ ᠪᠠᠶᠢᠭᠤᠯᠤᠨ ᠴᠣᠭᠴᠠᠯᠠᠬᠤ ᠪᠣᠯᠣᠨ ᠠᠵᠢᠯᠯᠠᠭᠤᠯᠤᠨ ᠬᠠᠮᠠᠭᠠᠠᠯᠠᠬᠤ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠪᠣᠬᠢᠷᠳᠤᠯ ᠦᠭᠡᠢ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠣᠶᠤᠨᠴᠢ ᠪᠠᠶᠢᠭᠤᠯᠤᠯᠲᠠ ᠪᠠᠷ ᠭᠤᠣᠯ ᠭᠠᠷᠳᠠᠴᠠ ᠪᠤᠯᠭᠠᠵᠦ᠂ ᠵᠠᠮ ᠳᠡᠭᠡᠷ᠎ᠡ ᠠᠮᠤᠷ ᠲᠦᠪᠰᠢᠨ ᠲᠡᠷᠭᠡ ᠵᠢᠯᠤᠭᠤᠳᠬᠤ ᠵᠢᠴᠢ ᠪᠦᠲᠦᠴᠡ ᠶᠢᠨ ᠵᠢᠷᠤᠭ ᠲᠥᠯᠥᠪᠯᠡᠭᠡ ᠶᠢ ᠨᠢᠭᠡ ᠴᠣᠭᠴᠠᠵᠢᠭᠤᠯᠬᠤ ᠵᠡᠷᠭᠡ ᠴᠢᠬᠤᠯᠠ ᠰᠤᠳᠤᠯᠭᠠᠨ ᠢ ᠥᠷᠨᠢᠭᠦᠯᠵᠦ᠂ ᠣᠷᠣᠨ ᠪᠦᠰᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ  ᠳᠤ ᠬᠦᠴᠦᠨ ᠴᠢᠳᠠᠯ ᠨᠡᠮᠡᠷᠢᠯᠡᠬᠦ ᠪᠣᠯᠣᠨ᠎ᠠ᠃     ᠣᠳᠣᠬᠠᠨ ᠪᠤᠯᠳᠠᠯ᠎ᠠ ᠪᠤᠭᠤᠲᠤ ᠬᠤᠳᠠ ᠳᠤ ᠣᠷᠣᠨ ᠤ ᠲᠡᠰ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠨᠡᠶᠢᠳᠡ 12 ᠪᠣᠯᠵᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ