ᠤᠯᠤᠰ ᠤᠨ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ | ᠳᠠᠭᠠᠵᠤ᠂ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠦ ᠶᠢᠨ ᠪᠤᠳᠤᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠭᠡᠭᠡᠨ ᠭᠤᠣᠯ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠭᠡᠭᠡᠨ ᠭᠤᠣᠯ | ᠤᠨ ᠲᠠᠷᠢᠶᠠᠯᠠᠩ ᠤᠨ ᠪᠠᠩᠬᠢ ᠲᠠᠢ ᠬᠠᠮᠲᠤᠷᠠᠨ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠲᠦᠷᠦ ᠶᠢᠨ ᠪᠤᠳᠤᠯᠭ᠎ᠠ ᠶᠢ ᠤᠯᠠᠨ | ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ | ᠠᠵᠢᠯᠲᠠᠳ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠤᠬᠠᠭᠳᠠᠬᠤᠨ᠂ ᠳᠠᠭᠠᠳᠬᠠᠯ ᠳᠤ ᠣᠷᠣᠯᠴᠠᠬᠤ ᠨᠥᠬᠦᠴᠡᠯ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠤᠬᠠᠭᠤᠯᠭ᠎ᠠ ᠶᠢᠨ ᠭᠠᠷ ᠳᠡᠪᠲᠡᠷ ᠢ 60 ᠭᠠᠷᠤᠶ ᠬᠤᠪᠢ ᠲᠠᠷᠬᠠᠭᠠᠵᠤ᠂ ᠲᠤᠬᠠᠶ ᠶᠢᠨ | ᠲᠠᠯᠠᠪᠤᠷ ᠲᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠠᠩᠬᠠᠷᠴᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠲᠤᠭ᠎ᠠ ᠬᠡᠮᠵᠢᠶ᠎ᠡ᠂ ᠪᠠᠯᠠ ᠣᠷᠣᠭᠤᠯᠤᠯᠲᠠ ᠶᠢᠨ ᠠᠰᠢᠭ ᠣᠷᠣᠯᠭ᠎ᠠ᠂ ᠬᠡᠷᠡᠭᠯᠡᠬᠦ ᠠᠷᠭ᠎ᠠ ᠮᠠᠶ᠋ᠢᠭ ᠵᠡᠷᠭᠡ | ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠥᠭᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠬᠦᠰᠡᠯ ᠡᠷᠡᠮᠡᠯᠵᠡᠯ ᠢ ᠬᠥᠭᠵᠢᠭᠡᠵᠦ᠂ | ᠰᠠᠶᠢᠨ ᠰᠠᠶᠢᠬᠠᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠢᠷᠡᠭᠡᠳᠦᠢ ᠳᠤ᠂ ᠭᠡᠭᠡᠨ ᠭᠤᠣᠯ ᠬᠤᠳᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠬᠠᠮᠢᠶ᠎ᠠ | ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠨᠡᠩ ᠤᠯᠠᠨ ᠬᠤᠪᠢ ᠬᠥᠮᠦᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠦ ᠶᠢᠨ ᠪᠤᠳᠤᠯᠭ᠎ᠠ ᠶᠢ ᠣᠶᠢᠯᠠᠭᠠᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠥᠲᠡᠯᠦᠭᠡ ᠨᠠᠰᠤᠨ ᠤ ᠨᠡᠩ | ᠭᠦᠢᠴᠡᠳ ᠪᠠᠲᠤᠯᠠᠭ᠎ᠠ ᠲᠠᠢ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ |