ᠬᠡᠷᠡᠭᠯᠡᠭᠡ ᠪᠣᠯ ᠠᠵᠤ ᠠᠬᠤᠢ ᠶᠢᠨ ᠨᠡᠮᠡᠭᠳᠡᠯ ᠤᠨ ᠭᠤᠣᠯ ᠬᠥᠳᠡᠯᠭᠡᠭᠦᠷ ᠮᠥᠨ᠃ 2024 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ | ᠬᠡᠷᠡᠭᠯᠡᠭᠡ ᠶᠢ ᠶᠡᠭᠡ ᠪᠠᠷ ᠬᠥᠭᠵᠢᠭᠡᠬᠦ︾᠂ ︽ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ︾ ᠶᠢ 2025 ᠣᠨ ᠤ ᠰᠠᠶᠢᠲᠤᠷ | ᠠᠳᠬᠤᠬᠤ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠭᠠᠵᠠᠢ᠃ ᠲᠦᠷᠦᠬᠦᠦ ᠤᠯᠠᠷᠢᠯ ᠳᠤ ᠪᠦᠬᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠬᠡᠷᠡᠭᠯᠡᠭᠡ ᠶᠢᠨ ᠵᠠᠷᠤᠯᠭ᠎ᠠ 7681 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠭᠡᠪᠡᠴᠦ ᠪᠦᠬᠦ | ᠪᠥᠮᠪᠥᠷᠴᠡᠭ ᠤᠨ ᠬᠠᠷᠠᠭᠠᠰᠤ ᠠᠴᠠ ᠦᠵᠡᠪᠡᠯ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠨᠤᠷᠮ᠎ᠠ ᠮᠥᠨ ᠯᠡ ᠳᠣᠣᠷ᠎ᠠ ᠪᠠᠶᠢᠬᠤ ᠪᠥᠭᠡᠳ | ᠬᠡᠷᠡᠭᠯᠡᠭᠡ ᠶᠢᠨ ᠪᠦᠲᠦᠴᠡ ᠶᠢᠨ ᠲᠡᠰ ᠳᠡᠪᠰᠢᠬᠦ ᠳᠤ ᠦᠢᠯᠡᠴᠢᠯᠡᠭᠡᠨ ᠤ ᠴᠢᠨᠠᠷᠲᠠᠢ ᠬᠡᠷᠡᠭᠯᠡᠭᠡ ᠶᠢᠨ ᠡᠵᠡᠯᠡᠬᠦ ᠬᠠᠷᠢᠴᠠᠯ ᠳᠣᠣᠷ᠎ᠠ ᠪᠠᠶᠢᠬᠤ ᠵᠡᠷᠭᠡ ᠬᠢᠵᠠᠭᠠᠷᠯᠠᠯ ᠳᠤ | ᠲᠤᠯᠭᠠᠷᠠᠵᠤ ᠪᠠᠶᠢᠨ᠎ᠠ᠃ ᠬᠡᠷᠡᠭᠯᠡᠭᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠬᠦ ᠳᠤ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢᠨ ᠠᠭᠤᠰᠤᠯᠴᠠᠯ ᠨᠢ ᠴᠢᠬᠤᠯᠠ ᠰᠢᠪᠲᠤᠯᠤᠯᠲᠠ ᠶᠢᠨ ᠴᠡᠭ ᠪᠣᠯᠣᠨ᠎ᠠ᠃ | ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠨᠢ ᠲᠣᠭᠠᠴᠢᠯᠠᠭᠰᠠᠨ ᠮᠡᠷᠭᠡᠵᠢᠯ ᠢᠶᠠᠷ ᠭᠤᠣᠯ ᠬᠥᠳᠡᠯᠭᠡᠬᠦ | ᠬᠦᠴᠦᠨ ᠪᠣᠯᠭᠠᠵᠤ᠂ ᠲᠤᠭ᠎ᠠ ᠪᠠᠷᠢᠮᠲᠠ ᠶᠢᠨ ᠡᠯᠧᠮᠧᠨ᠋ᠲ ᠢᠶᠠᠷ ᠰᠠᠭᠤᠷᠢ ᠳᠠᠪᠬᠤᠷᠭ᠎ᠠ ᠶᠢᠨ ᠲᠤᠯᠭᠠᠭᠤᠷᠢᠯᠠᠯ ᠪᠣᠯᠭᠠᠭᠰᠠᠨ ᠰᠢᠨ᠎ᠡ ᠬᠡᠯᠪᠡᠷᠢ ᠶᠢᠨ ᠠᠵᠤ ᠠᠬᠤᠢ ᠶᠢᠨ | ᠬᠡᠪ ᠵᠠᠭᠪᠤᠷ ᠪᠣᠯᠣᠨ᠎ᠠ᠂ ᠦᠢᠯᠡᠳᠪᠦᠷᠢᠯᠡᠯ ᠤᠨ ᠯᠣᠭᠢᠭ ᠢ ᠳᠠᠬᠢᠨ ᠪᠦᠷᠢᠯᠳᠦᠭᠦᠯᠵᠦ᠂ ᠥᠷᠲᠡᠭ ᠤᠨ ᠬᠡᠪ ᠵᠠᠭᠪᠤᠷ ᠢ ᠰᠢᠨᠡᠴᠢᠯᠡᠵᠦ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠪᠠᠷ ᠲᠠᠮᠵᠢᠨ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠮᠡᠷᠭᠡᠵᠢᠯ᠂ ᠠᠵᠤ ᠦᠢᠯᠡᠰ᠂ ᠵᠣᠬᠢᠶᠠᠨ | ᠪᠠᠶᠢᠭᠤᠯᠤᠯᠲᠠ ᠶᠢᠨ ᠲᠠᠯ᠎ᠠ ᠶᠢᠨ ᠰᠢᠰᠲ᠋ᠧᠮᠲᠦ ᠴᠢᠨᠠᠷᠲᠠᠢ ᠠᠪᠴᠠᠯᠳᠣᠯ ᠢ ᠪᠡᠶᠡᠯᠡᠭᠦᠯᠳᠡᠭ᠃ ᠡᠶᠢᠮᠦᠷᠬᠦᠦ ᠭᠦᠨᠵᠡᠭᠡᠢ ᠠᠭᠤᠰᠤᠯᠴᠠᠯ ᠨᠢ ᠤᠯᠠᠮᠵᠢᠯᠠᠯᠲᠤ ᠬᠡᠷᠡᠭᠯᠡᠭᠡ ᠶᠢᠨ | ᠵᠠᠬ᠎ᠠ ᠳᠡᠯᠭᠡᠭᠦᠷ ᠤᠨ ᠴᠠᠭ ᠬᠤᠭᠤᠴᠠᠭ᠎ᠠ ᠣᠷᠣᠨ ᠵᠠᠢ ᠶᠢᠨ ᠵᠠᠭᠠᠭ ᠬᠢᠵᠠᠭᠠᠷ ᠪᠣᠯᠣᠨ ᠬᠠᠩᠭᠠᠯᠭ᠎ᠠ ᠶᠢᠨ ᠪᠣᠭᠤᠮᠢ ᠶᠢ ᠰᠢᠪᠲᠤᠯᠵᠤ᠂ ᠬᠡᠷᠡᠭᠯᠡᠭᠡ ᠶᠢ ᠬᠥᠭᠵᠢᠭᠡᠬᠦ᠂ | ᠬᠡᠷᠡᠭᠴᠡᠭᠡ ᠶᠢ ᠥᠷᠭᠡᠳᠬᠡᠬᠦ ᠳᠤ ᠢᠳᠡᠪᠬᠢᠲᠡᠢ ᠠᠴᠢ ᠬᠤᠯᠪᠣᠭᠳᠠᠯ ᠲᠠᠢ ᠶᠤᠮ᠃ | ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠬᠡᠷᠡᠭᠯᠡᠭᠡ ᠶᠢᠨ ᠪᠦ᠋ᠲᠦᠴᠡ ᠶᠢ ᠰᠢᠯᠢᠳᠡᠭᠵᠢᠭᠦᠯᠦᠨ᠎ᠡ᠃ ᠣᠳᠣᠬᠠᠨ ᠳᠤ ᠮᠠᠨ ᠤ ᠤᠯᠤᠰ ᠤᠨ ᠰᠠᠭᠤᠭᠠᠯᠢ | ᠠᠷᠠᠳ ᠤᠨ ᠵᠠᠬ᠎ᠠ ᠶᠢᠨ ᠬᠡᠷᠡᠭᠯᠡᠭᠡ ᠶᠢᠨ ᠬᠡᠯᠪᠡᠷᠢᠯ ᠨᠢ ᠬᠥᠭᠵᠢᠯᠲᠡ ᠶᠢᠨ ᠬᠡᠯᠪᠡᠷᠢ ᠶᠢᠨ᠂ ᠦᠢᠯᠡᠴᠢᠯᠡᠭᠡᠨ ᠤ ᠴᠢᠨᠠᠷᠲᠠᠢ ᠬᠡᠷᠡᠭᠯᠡᠭᠡ ᠶᠢᠨ ᠬᠠᠩᠭᠠᠯᠭ᠎ᠠ ᠬᠦᠷᠦᠯᠴᠡᠬᠦ | ᠦᠭᠡᠢ᠂ ᠡᠮ ᠡᠮᠨᠡᠯᠭᠡ᠂ ᠰᠤᠷᠭᠠᠨ ᠬᠥᠮᠦᠵᠢᠯ᠂ ᠰᠣᠶᠣᠯ ᠴᠡᠩᠭᠡᠯ ᠵᠡᠷᠭᠡ ᠥᠨᠳᠥᠷ ᠨᠡᠮᠡᠯᠲᠡ ᠦᠷᠳᠡᠭ ᠤᠨ ᠬᠡᠷᠡᠭᠯᠡᠭᠡ ᠶᠢᠨ ᠡᠵᠡᠯᠡᠬᠦ ᠬᠠᠷᠢᠴᠠᠯ ᠳᠣᠣᠷ᠎ᠠ ᠵᠡᠷᠭᠡ | ᠪᠠᠶᠢᠳᠠᠯ ᠳᠤ ᠬᠢᠵᠠᠭᠠᠷᠯᠠᠭᠳᠠᠵᠦ ᠪᠠᠶᠢᠨ᠎ᠠ᠃ ᠲᠣᠭᠠᠴᠢᠯᠠᠭᠰᠠᠨ ᠮᠡᠷᠭᠡᠵᠢᠯ ᠨᠢ ᠦᠢᠯᠡᠴᠢᠯᠡᠭᠡᠨ ᠤ ᠬᠡᠷᠡᠭᠯᠡᠭᠡ ᠶᠢᠨ ᠴᠠᠭ ᠬᠤᠭᠤᠴᠠᠭ᠎ᠠ ᠪᠠ ᠣᠷᠣᠨ ᠵᠠᠢ ᠶᠢᠨ ᠵᠠᠭᠠᠭ | ᠬᠢᠵᠠᠭᠠᠷ ᠬᠢᠭᠡᠳ ᠥᠷᠲᠡᠭ ᠪᠦᠲᠦᠭᠡᠬᠦ ᠵᠠᠭᠪᠤᠷ ᠢ ᠳᠠᠬᠢᠨ ᠪᠠᠶᠢᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠥᠮᠥᠨ ᠤ ᠬᠦᠴᠦᠨ ᠤ ᠬᠥᠷᠥᠩᠭᠡ | ᠨᠢᠭᠲᠠᠷᠠᠭᠰᠠᠨ ᠬᠡᠯᠪᠡᠷᠢ ᠶᠢᠨ ᠬᠠᠩᠭᠠᠯᠭ᠎ᠠ ᠶᠢᠨ ᠬᠢᠵᠠᠭᠠᠷᠯᠠᠯ ᠢ ᠰᠢᠪᠲᠤᠯᠤᠨ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠦᠢᠯᠡᠴᠢᠯᠡᠭᠡ ᠶᠢ ᠬᠠᠭᠤᠯᠪᠤᠷᠢᠯᠠᠵᠤ ᠪᠣᠯᠬᠤ᠂ | ᠳᠠᠮᠵᠢᠭᠤᠯᠵᠤ ᠪᠣᠯᠬᠤ ᠲᠣᠭᠠᠴᠢᠯᠠᠭᠰᠠᠨ ᠦᠢᠯᠡᠳᠬᠦᠨ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠦᠢᠯᠡᠴᠢᠯᠡᠭᠡᠨ ᠤ ᠬᠠᠩᠭᠠᠯᠭ᠎ᠠ ᠶᠢᠨ ᠵᠠᠭᠠᠭ ᠤᠨ ᠥᠪᠡᠷ ᠤᠨ | ᠥᠷᠲᠡᠭ ᠢ ᠪᠠᠭᠤᠷᠠᠭᠤᠯᠵᠦ᠂ ᠬᠥᠭᠵᠢᠯᠲᠡ ᠶᠢᠨ ᠬᠡᠯᠪᠡᠷᠢ ᠶᠢᠨ ᠬᠡᠷᠡᠭᠯᠡᠭᠡ ᠶᠢᠨ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠶᠢ ᠪᠡᠶᠡᠯᠡᠭᠦᠯᠦᠨ᠎ᠡ᠃ ᠵᠢᠱᠢᠶᠡᠯᠡᠪᠡᠯ | ᠢᠨᠲ᠋ᠧᠷ ᠰᠦᠯᠵᠢᠶᠡᠨ ᠤ ᠡᠮᠴᠢᠯᠡᠭᠡᠨ ᠤ ᠲᠠᠪᠴᠠᠩ ᠨᠢ AI ᠶᠢᠨ ᠲᠤᠰᠠᠯᠠᠬᠤ ᠣᠨᠣᠰᠢᠯᠠᠯᠲᠠ ᠪᠠ 5G ᠶᠢᠨ ᠠᠯᠤᠰ ᠠᠴᠠ ᠬᠠᠮᠲᠤᠷᠠᠨ ᠣᠨᠣᠰᠢᠯᠠᠬᠤ ᠮᠡᠷᠭᠡᠵᠢᠯ ᠳᠤ | ᠲᠦᠰᠢᠭᠯᠡᠨ᠂ ᠭᠤᠷᠪᠠᠳᠤᠭᠠᠷ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠡᠬᠢ ᠪᠠᠶᠠᠯᠢᠭ ᠢ ᠳᠣᠣᠷ᠎ᠠ ᠵᠠᠭᠠᠭ ᠤᠨ ᠥᠪᠡᠷ ᠤᠨ ᠥᠷᠲᠡᠭ ᠢᠶᠠᠷ | ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠲᠤ ᠬᠦᠷᠲᠡᠯ᠎ᠡ ᠤᠷᠲᠤᠳᠬᠠᠪᠠ︔ ᠲᠦᠯᠦᠪᠦᠷᠢ ᠲᠠᠢ ᠮᠡᠳᠡᠯᠭᠡ ᠣᠯᠭᠤᠬᠤ ᠲᠠᠪᠴᠠᠩ ᠨᠢ ᠮᠡᠳᠡᠯᠭᠡ ᠶᠢᠨ ᠵᠢᠷᠤᠭ ᠤᠨ | ᠵᠢᠬᠰᠠᠯ ᠵᠢᠴᠢ ᠥᠪᠡᠷᠮᠢᠴᠡ ᠪᠠᠷ ᠲᠠᠨᠢᠯᠴᠠᠭᠤᠯᠬᠤ ᠪᠤᠳᠤᠬᠤ ᠠᠷᠭ᠎ᠠ ᠪᠠᠷ ᠳᠠᠮᠵᠢᠨ᠂ ᠰᠤᠷᠭᠠᠨ ᠬᠥᠮᠦᠵᠢᠯ ᠤᠨ ᠦᠢᠯᠡᠴᠢᠯᠡᠭᠡ ᠶᠢ ᠣᠨᠣᠪᠴᠢᠲᠠᠶ ᠭᠦ᠋ᠷᠳᠡᠭᠡᠵᠦ᠂ | ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ᠃ ᠡᠳᠡᠭᠡᠷ ᠦᠢᠯᠡᠳᠦᠯᠭᠡ ᠬᠠᠷᠠᠭᠤᠯᠤᠭᠰᠠᠨ ᠨᠢ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ | ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠨᠢ ᠮᠠᠨ ᠤ ᠤᠯᠤᠰ ᠤᠨ ᠬᠡᠷᠡᠭᠯᠡᠭᠡ ᠶᠢᠨ ᠪᠦᠲᠦᠴᠡ ᠶᠢᠨ ᠬᠥᠭᠵᠢᠯᠲᠡ ᠶᠢᠨ ᠬᠡᠯᠪᠡᠷᠢ᠂ ᠪᠡᠶᠡᠴᠢᠯᠡᠨ ᠣᠶᠢᠯᠠᠭᠠᠬᠤ | ᠬᠡᠯᠪᠡᠷᠢ᠂ ᠤᠶᠤᠨ ᠤᠬᠠᠭᠠᠨ ᠤ ᠬᠡᠯᠪᠡᠷᠢ ᠲᠡᠶᠢᠰᠢ ᠲᠦᠷᠭᠡᠨ ᠰᠢᠯᠵᠢᠬᠦ ᠶᠢ ᠠᠬᠢᠭᠤᠯᠬᠤ ᠦᠢᠯᠡᠳᠦᠯ ᠲᠠᠢ ᠶᠤᠮ᠃ | ᠪᠦᠬᠦ ᠤᠯᠤᠰ ᠤᠨ ᠵᠠᠬ᠎ᠠ ᠳᠡᠯᠭᠡᠭᠦᠷ ᠢ ᠡᠮᠬᠢᠯᠡᠨ ᠨᠡᠶᠢᠳᠬᠡᠵᠦ᠂ ᠬᠡᠷᠡᠭᠯᠡᠭᠡ ᠶᠢᠨ ᠲᠠᠯᠳᠠ ᠬᠦᠴᠦᠨ ᠢ ᠠᠭᠤᠳᠠᠯᠤᠨ᠎ᠠ᠃ ᠤᠯᠠᠮᠵᠢᠯᠠᠯᠲᠤ ᠠᠵᠤ ᠠᠬᠤᠢ ᠶᠢᠨ | ᠰᠢᠰᠲ᠋ᠧᠮ ᠳᠤ᠂ ᠳᠤᠮᠳᠠ ᠪᠠᠷᠠᠭᠤᠨ ᠬᠡᠰᠡᠭ ᠪᠠ ᠬᠥᠳᠡᠭᠡ ᠲᠣᠰᠬᠤᠨ ᠤ ᠭᠠᠵᠠᠷ ᠵᠦᠢ ᠶᠢᠨ ᠪᠠᠶᠢᠷᠢᠯᠠᠯ ᠨᠢ ᠪᠤᠶᠢᠳᠠ ᠪᠥᠭᠯᠡᠭᠦᠦ᠂ ᠲᠣᠭᠠᠴᠢᠯᠠᠭᠰᠠᠨ ᠰᠠᠭᠤᠷᠢ | ᠲᠦᠬᠦᠬᠡᠷᠦᠮᠵᠢ ᠶᠢᠨ ᠪᠦᠷᠬᠦᠴᠡ ᠨᠢ ᠬᠦᠷᠦᠯᠴᠡᠬᠦ ᠦᠭᠡᠢ ᠠᠴᠠ ᠪᠣᠯᠵᠤ᠂ ᠵᠠᠬ᠎ᠠ ᠳᠡᠯᠭᠡᠭᠦᠷ ᠲᠠᠢ ᠵᠣᠯᠭᠠᠯᠴᠠᠭᠤᠯᠬᠤ ᠦᠷ᠎ᠡ ᠪᠦᠲᠦᠮᠵᠢ ᠨᠢ ᠨᠡᠯᠢᠶᠡᠳ ᠳᠣᠣᠷ᠎ᠠ ᠪᠠᠶᠢᠬᠤ | ᠠᠰᠠᠭᠤᠳᠠᠯ ᠳᠤ ᠦᠷᠭᠦᠯᠵᠢ ᠲᠤᠯᠭᠠᠷᠠᠳᠠᠭ᠃ 5G ᠰᠦᠯᠵᠢᠶ᠎ᠡ᠂ ᠡᠭᠦᠯᠡᠨ ᠪᠣᠳᠣᠯᠲᠠ ᠵᠡᠷᠭᠡ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠨᠢ ᠠᠳᠠᠯᠢ ᠪᠤᠰᠤ ᠬᠥᠭᠵᠢᠯᠲᠡ ᠶᠢᠨ ᠲᠦᠪᠰᠢᠨ ᠪᠦᠬᠦᠢ ᠭᠠᠵᠠᠷ ᠣᠷᠣᠨ ᠢ ᠨᠢᠭᠡᠳᠦᠯᠲᠡᠢ ᠲᠣᠭᠠᠴᠢᠯᠠᠭᠰᠠᠨ ᠵᠠᠬ᠎ᠠ ᠳᠡᠯᠭᠡᠭᠦᠷ ᠲᠤ ᠬᠠᠮᠣᠷᠣᠬᠰᠠᠨ | ᠪᠠᠶᠢᠨ᠎ᠠ᠃ ᠡᠭᠦᠨ ᠤ ᠬᠠᠮᠲᠤ᠂ ᠵᠢᠵᠢᠭ ᠪᠢᠴᠢᠯ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠣᠷᠣᠯᠴᠠᠬᠤ ᠬᠡᠮᠵᠢᠶ᠎ᠡ ᠶᠢ ᠬᠥᠭᠵᠢᠭᠡᠪᠡ᠂ ᠵᠢᠱᠢᠶᠡᠯᠡᠪᠡᠯ ᠰᠢᠭᠤᠳ | ᠨᠡᠪᠲᠡᠷᠡᠭᠦᠯᠭᠡ ᠶᠢᠨ ᠲᠠᠰᠤᠭ ᠨᠢ ᠮᠤᠨᠳᠠᠭ ᠶᠡᠭᠡ ᠬᠡᠷᠡᠭᠯᠡᠭᠡ ᠶᠢᠨ ᠬᠠᠮᠲᠤ ᠤᠯᠠᠨ ᠢ ᠬᠤᠯᠪᠣᠵᠤ᠂ ᠭᠠᠵᠠᠷ ᠣᠷᠣᠨ ᠪᠠ ᠠᠷᠭ᠎ᠠ ᠵᠠᠮ ᠤᠨ ᠬᠢᠵᠠᠭᠠᠷᠯᠠᠯ ᠢ ᠡᠪᠳᠡᠵᠦ | ᠴᠢᠳᠠᠳᠠᠬ᠃ ᠡᠨᠡ ᠬᠦ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠶᠢ | ᠠᠬᠢᠭᠤᠯᠬᠤ ᠶᠠᠪᠤᠴᠠ ᠪᠣᠯ ᠮᠥᠨ ᠴᠢᠨᠠᠷ ᠳᠡᠭᠡᠷ᠎ᠡ ᠪᠠᠨ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠨ ᠭᠠᠵᠠᠷ ᠵᠦᠢ ᠶᠢᠨ ᠵᠠᠢ ᠶᠢᠨ ᠬᠡᠷᠡᠭᠯᠡᠭᠡ ᠳᠤ ᠦᠵᠡᠭᠦᠯᠬᠦ | ᠨᠥᠯᠥᠭᠡ ᠶᠢ ᠪᠠᠭᠤᠷᠠᠭᠤᠯᠵᠤ᠂ ᠨᠡᠩ ᠥᠷᠭᠡᠨ ᠳᠡᠯᠭᠡᠷ ᠵᠠᠬ᠎ᠠ ᠳᠡᠯᠭᠡᠭᠦᠷ ᠤᠨ ᠬᠡᠪᠴᠢᠶᠡᠨ ᠳᠤ ᠦᠷ᠎ᠡ ᠪᠦᠲᠦᠮᠵᠢ ᠶᠢ ᠪᠦᠬᠦᠯᠢ ᠴᠣᠭᠴᠠ ᠪᠠᠷ ᠰᠢᠯᠢᠳᠡᠭᠵᠢᠭᠦᠯᠬᠦ ᠶᠢ | ᠪᠡᠶᠡᠯᠡᠭᠦᠯᠬᠦ ᠶᠠᠪᠤᠳᠠᠯ ᠪᠣᠯᠣᠨ᠎ᠠ᠃ | ᠮᠡᠳᠡᠭᠡ ᠵᠠᠩᠭᠢ ᠶᠢᠨ ᠬᠤᠯᠪᠣᠯᠳᠤᠯ ᠢ ᠠᠬᠢᠭᠤᠯᠵᠤ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠠᠬᠢᠭᠤᠯᠤᠨ᠎ᠠ᠃ ᠤᠯᠠᠮᠵᠢᠯᠠᠯᠲᠤ ᠵᠠᠭᠪᠤᠷ ᠳᠣᠣᠷ᠎ᠠ᠂ ᠠᠵᠤ | ᠠᠬᠤᠶᠢᠯᠠᠯ ᠶᠡᠷᠦ ᠨᠢ ᠬᠤᠴᠤᠷᠤᠩᠭᠤᠢ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠶᠢ ᠦᠨᠳᠦᠰᠦᠯᠡᠨ ᠦᠢᠯᠡᠳᠪᠦᠷᠢᠯᠡᠯ ᠤᠨ ᠲᠥᠯᠥᠪᠯᠡᠭᠡ ᠲᠣᠭᠲᠠᠭᠠᠵᠤ᠂ | ᠦᠢᠯᠡᠳᠪᠦᠷᠢᠯᠡᠯ ᠤᠨ ᠬᠡᠮᠵᠢᠶ᠎ᠡ ᠨᠢ ᠬᠡᠲᠦᠷᠡᠭᠰᠡᠨ ᠪᠣᠯᠪᠠᠴᠤ ᠦᠪᠡᠷᠮᠢᠴᠡ ᠣᠨᠴᠠᠯᠢᠬ ᠲᠠᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠳᠠᠯ ᠢ ᠠᠮᠠᠷᠬᠠᠨ ᠪᠣᠶ | ᠪᠣᠯᠭᠠᠳᠠᠭ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠴᠠᠭ ᠵᠠᠢ ᠦᠬᠡᠢ ᠣᠷᠣᠰᠣᠨ ᠬᠦᠳᠡᠯᠵᠦ ᠪᠠᠶᠢᠬᠤ ᠨᠢ ᠮᠡᠳᠡᠭᠡ ᠵᠠᠩᠬᠢ ᠶᠢᠨ ︽ᠥᠨᠥᠴᠢᠨ ᠠᠷᠠᠯ︾ ᠢ | ᠨᠠᠪᠲᠠᠷᠡᠭᠦᠯᠵᠦ᠂ ᠦᠢᠯᠡᠳᠪᠦᠷᠢᠯᠡᠯ ᠤᠨ ᠦᠵᠦᠬᠦᠷᠯᠢᠭ ᠤᠨ ᠬᠡᠷᠡᠭᠯᠡᠭᠴᠢ ᠶᠢᠨ ᠦᠨᠡᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠣᠯᠵᠤ ᠮᠡᠳᠡᠬᠦ ᠦᠭᠡᠢ ᠪᠠᠶᠢᠬᠤ ᠬᠦᠴᠢᠷ | ᠠᠰᠠᠭᠤᠳᠠᠯ ᠢ ᠰᠶᠢᠳᠪᠦᠷᠢᠯᠡᠵᠦ᠂ ᠬᠠᠩᠭᠠᠯᠭ᠎ᠠ ᠶᠢᠨ ᠰᠢᠰᠲ᠋ᠧᠮ ᠤᠨ ︽ᠤᠷᠢᠳᠴᠢᠯᠠᠨ ᠲᠥᠰᠥᠭᠡᠯᠡᠬᠦ ᠮᠠᠶ᠋ᠢᠭ ᠤᠨ ᠦᠢᠯᠡᠳᠪᠦᠷᠢᠯᠡᠯ︾ ᠠᠴᠠ ︽ᠳᠠᠭᠠᠬᠤ ᠮᠠᠶ᠋ᠢᠭ ᠤᠨ | ᠦᠢᠯᠡᠳᠬᠦ ᠦᠢᠯᠡᠰ︾ ᠲᠡᠶᠢᠰᠢ ᠰᠢᠯᠵᠢᠬᠦ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠪᠠᠷ ᠡᠬᠢ ᠪᠠᠶᠠᠯᠢᠭ ᠢ ᠪᠤᠷᠤᠭᠤ ᠲᠣᠬᠢᠷᠠᠭᠤᠯᠤᠭᠰᠠᠨ ᠠᠰᠠᠭᠤᠳᠠᠯ ᠢ | ᠣᠨᠣᠪᠴᠢᠲᠠᠶ ᠬᠠᠷᠢᠭᠤ ᠲᠤᠰᠬᠠᠵᠦ ᠰᠶᠢᠳᠪᠦᠷᠢᠯᠡᠵᠦ ᠪᠠᠶᠢᠨ᠎ᠠ᠃ ᠦᠢᠯᠡᠳᠦᠯᠭᠡ ᠶᠢᠨ ᠳᠤᠮᠳᠠ ᠲᠣᠮᠣ ᠳ᠋ᠠᠶᠢᠲ᠋ᠠ ᠨᠢ ᠪᠣᠳᠠᠲᠤ ᠴᠣᠭᠴᠠ ᠶᠢᠨ ᠠᠵᠤ ᠠᠬᠤᠶᠢᠯᠠᠯ ᠳᠤ | ᠬᠡᠷᠡᠭᠯᠡᠭᠴᠢᠳ ᠤᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠮᠡᠳᠡᠭᠦᠯᠵᠦ᠂ ︽ᠬᠡᠷᠡᠭᠴᠡᠭᠡ ᠶᠢ ᠴᠠᠭ ᠲᠤᠬᠠᠢ ᠳᠤᠨᠢ ᠰᠡᠷᠡᠵᠦ ᠮᠡᠳᠡᠵᠦ ᠦᠢᠯᠡᠳᠪᠦᠷᠢᠯᠡᠯ ᠢ | ᠠᠮᠢᠳᠤᠯᠢᠭ ᠢᠶᠠᠷ ᠲᠣᠬᠢᠷᠠᠭᠤᠯᠬᠤ︾ ᠣᠶᠤᠨᠴᠢ ᠰᠢᠰᠲ᠋ᠧᠮ ᠢ ᠪᠣᠶ ᠪᠣᠯᠭᠠᠪᠠ᠃ | ᠬᠤᠳᠠᠯᠳᠤᠭᠠᠨ ᠤ ᠬᠡᠪ ᠵᠠᠭᠪᠤᠷ ᠢ ᠳᠠᠬᠢᠨ ᠱᠤᠭᠤᠵᠤ᠂ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠣᠨ᠎ᠠ᠃ ᠣᠳᠣᠬᠠᠨ ᠳᠤ ᠮᠠᠨ ᠤ ᠤᠯᠤᠰ ᠶᠠᠭ ᠠᠵᠤ | ᠠᠬᠤᠢ ᠶᠢᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠯᠠᠨ ᠳᠠᠪᠬᠤᠷ ᠬᠦᠴᠦᠨ | ᠵᠦᠢᠯ ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠬᠦᠰᠡᠯ ᠱᠠᠭᠠᠷᠳᠠᠯᠭ᠎ᠠ ᠶᠢ ᠬᠢᠵᠠᠭᠠᠷᠯᠠᠵᠤ ᠪᠤᠢ᠂ ᠠᠷᠠᠯᠵᠢᠶᠠᠨ ᠤ ᠥᠪᠡᠷ ᠤᠨ ᠥᠷᠲᠡᠭ ᠪᠠ ᠪᠠᠷᠢᠮᠵᠢᠶ᠎ᠠ ᠶᠢ ᠠᠯᠢ | ᠴᠢᠳᠠᠬᠤ ᠪᠠᠷ ᠪᠠᠭᠤᠷᠠᠭᠤᠯᠬᠤ ᠨᠢ ᠪᠠᠰᠠ ᠴᠤ ᠬᠡᠷᠡᠭᠯᠡᠭᠡ ᠶᠢᠨ ᠬᠥᠳᠡᠯᠭᠡᠬᠦ ᠴᠢᠳᠠᠪᠤᠷᠢ ᠶᠢ ᠬᠥᠭᠵᠢᠭᠡᠬᠦ ᠪᠣᠯᠣᠮᠵᠢᠲᠤ ᠪᠣᠳᠣᠯᠭ᠎ᠠ ᠮᠥᠨ᠃ ᠤᠯᠠᠮᠵᠢᠯᠠᠯᠲᠤ | ᠬᠡᠷᠡᠭᠯᠡᠭᠡ ᠶᠢᠨ ᠬᠡᠯᠬᠢᠶᠡᠨ ᠳᠤ᠂ ᠲᠠᠸᠠᠷ ᠨᠢ ᠦᠢᠯᠡᠳᠪᠦᠷᠢ ᠠᠴᠠ ᠬᠡᠷᠡᠭᠯᠡᠭᠴᠢᠳ ᠤᠨ ᠭᠠᠷ ᠲᠤ ᠬᠦᠷᠲᠡᠯ᠎ᠡ ᠶᠡᠷᠦ ᠨᠢ ᠣᠯᠠᠨ ᠳᠠᠪᠬᠤᠷ ᠡᠵᠡᠩᠨᠡᠨ ᠪᠣᠷᠣᠯᠠᠭᠤᠯᠬᠤ | ᠬᠤᠳᠠᠯᠳᠤᠭᠠᠴᠢᠨ ᠢᠶᠠᠷ ᠳᠡᠮᠵᠢᠵᠦ᠂ ᠦᠨ᠎ᠡ ᠬᠠᠩᠰᠢ ᠶᠢ ᠥᠰᠬᠡᠨ᠂ ᠬᠤᠷᠳᠤᠴᠠ ᠶᠢ ᠪᠠᠭᠤᠷᠠᠭᠤᠯᠵᠤ᠂ ᠠᠷᠠᠯᠵᠢᠶᠠᠨ ᠤ ᠥᠪᠡᠷ ᠤᠨ ᠥᠷᠲᠡᠭ ᠢ ᠥᠰᠬᠡᠳᠡᠭ᠃ | ᠲᠣᠭᠠᠴᠢᠯᠠᠭᠰᠠᠨ ᠲᠠᠪᠴᠠᠩ ᠨᠢ ᠬᠤᠳᠠᠯᠳᠤᠭᠠᠨ ᠤ ᠭᠦᠢᠯᠭᠡᠭᠡᠨ ᠤ ᠪᠦᠲᠦᠴᠡ ᠶᠢ ᠳᠠᠬᠢᠨ ᠪᠠᠶᠢᠭᠤᠯᠵᠤ᠂ ᠤᠯᠠᠮᠵᠢᠯᠠᠯᠲᠤ ᠪᠣᠷᠣᠯᠠᠭᠤᠯᠬᠤ ᠰᠢᠰᠲ᠋ᠧᠮ ᠤᠨ ᠢᠯᠡᠭᠦᠴᠡ | ᠭᠤᠭᠴᠤᠭ᠎ᠠ ᠶᠢ ᠪᠠᠭᠠᠰᠬᠠᠵᠤ᠂ ᠥᠪᠡᠷ ᠤᠨ ᠥᠷᠲᠡᠭ ᠪᠣᠯᠣᠨ ᠭᠡᠷ᠎ᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠᠷ ᠳᠠᠮᠵᠢᠨ ᠬᠢᠵᠠᠭᠠᠷᠯᠠᠭᠳᠠᠭᠰᠠᠨ ᠬᠡᠷᠡᠭᠯᠡᠭᠡ ᠶᠢᠨ | ᠬᠦᠰᠡᠯ ᠰᠠᠨᠠᠭ᠎ᠠ ᠶᠢ ᠢᠯᠡᠷᠡᠭᠦᠯᠪᠡ᠃ ᠵᠢᠱᠢᠶᠡᠯᠡᠪᠡᠯ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ | ᠮᠥᠨ ᠴᠢᠨᠠᠷ ᠳᠡᠭᠡᠷ᠎ᠡ ᠪᠠᠨ ᠤᠯᠠᠮᠵᠢᠯᠠᠯᠲᠤ ᠪᠣᠷᠣᠯᠠᠭᠤᠯᠬᠤ ᠰᠢᠰᠲ᠋ᠧᠮ ᠤᠨ ︽ᠵᠠᠪᠰᠠᠷ ᠤᠨ ᠭᠤᠬᠴᠤᠭ᠎ᠠ ᠶᠢ ᠦᠬᠡᠶᠢᠰᠬᠡᠬᠦ︾ ᠥᠭᠡᠷᠡᠴᠢᠯᠡᠯᠲᠡ ᠪᠠᠶᠢᠵᠦ᠂ | ᠦᠢᠯᠡᠳᠪᠦᠷᠢ ᠪᠣᠯᠣᠨ ᠬᠡᠷᠡᠭᠯᠡᠭᠴᠢᠳ ᠢ ᠰᠢᠭᠤᠳ ᠵᠣᠯᠭᠠᠭᠤᠯᠬᠤ ᠠᠴᠠ ᠲᠠᠸᠠᠷ ᠤᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠭᠰᠠᠨ ᠮᠥᠷᠲᠡᠭᠡᠨ ᠪᠠᠰᠠ | ᠦᠨ᠎ᠡ ᠬᠠᠩᠰᠢ ᠶᠢ ᠨᠠᠩ ᠢᠯᠡ ᠲᠣᠳᠣ ᠪᠣᠯᠭᠠᠵᠠᠢ᠃ | ᠳᠡᠭᠡᠷ᠎ᠡ ᠳᠤᠷᠠᠳᠤᠭᠰᠠᠨ ᠳᠥᠷᠪᠡᠨ ᠲᠠᠯ᠎ᠠ ᠨᠢ ︽ᠬᠠᠩᠭᠠᠯᠭ᠎ᠠ ᠶᠢ ᠲᠠᠰ ᠳᠡᠪᠰᠢᠭᠦᠯᠬᠦ᠂ ᠣᠷᠣᠨ ᠵᠠᠢ ᠶᠢ ᠡᠮᠬᠢᠯᠡᠨ ᠨᠡᠶᠢᠳᠬᠡᠬᠦ — ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ — ᠥᠪᠡᠷ ᠤᠨ ᠥᠷᠲᠡᠭ ᠢ ᠰᠢᠯᠢᠳᠡᠭᠵᠢᠭᠦᠯᠬᠦ︾ ᠬᠠᠮᠵᠢᠯᠴᠠᠬᠤ ᠴᠠᠭᠠᠷᠢᠭ ᠪᠦᠷᠢᠯᠳᠦᠬᠦᠯᠦᠭᠰᠡᠨ ᠨᠢ ᠪᠢᠴᠢᠯ ᠳᠠᠪᠬᠤᠷᠭ᠎ᠠ ᠠᠴᠠ ᠬᠡᠷᠡᠭᠯᠡᠭᠴᠢᠳ ᠤᠨ | ᠳᠤᠷᠠᠰᠢᠯ ᠪᠠ ᠬᠡᠷᠡᠭᠯᠡᠭᠡ ᠶᠢᠨ ᠳᠠᠳᠬᠠᠯ ᠢ ᠳᠠᠬᠢᠨ ᠱᠤᠭᠤᠵᠤ᠂ ᠬᠤᠷᠸ᠎ᠠ ᠳᠠᠪᠬᠤᠷᠭ᠎ᠠ ᠠᠴᠠ ᠬᠡᠷᠡᠭᠯᠡᠭᠡ ᠶᠢᠨ ᠨᠡᠮᠡᠭᠳᠡᠯ ᠤᠨ ᠬᠥᠳᠡᠯᠭᠡᠬᠦ ᠬᠦᠴᠦᠨ ᠤ ᠪᠦᠲᠦᠴᠡ ᠶᠢᠨ | ᠴᠢᠨᠠᠷᠲᠠᠢ ᠰᠢᠯᠢᠳᠡᠭᠵᠢᠭᠦᠯᠦᠯᠲᠡ ᠶᠢ ᠠᠬᠢᠭᠤᠯᠵᠤ᠂ ᠡᠴᠦᠰ ᠲᠡᠭᠡᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠲᠠᠩ ᠭᠠᠭᠴᠠ ᠬᠡᠪᠴᠢᠶ᠎ᠡ ᠶᠢᠨ ᠥᠷᠭᠡᠳᠬᠡᠯ ᠠᠴᠠ | ᠬᠡᠪᠴᠢᠶ᠎ᠡ᠂ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠳᠠᠶᠢᠰᠢ ᠰᠢᠯᠵᠢᠬᠦ ᠶᠢ ᠪᠡᠶᠡᠯᠡᠭᠦᠯᠬᠦ ᠳᠤ ᠠᠰᠢᠭᠲᠠᠢ ᠶᠤᠮ᠃ ᠭᠡᠪᠡᠴᠦ ᠡᠨᠡ ᠬᠦ ᠦᠢᠯᠡᠳᠦᠯ ᠢ | ᠪᠠᠳᠠᠷᠠᠭᠤᠯᠬᠤ ᠨᠢ ᠦᠢᠯᠡᠳᠦᠯᠭᠡ ᠶᠢᠨ ᠳᠤᠮᠳᠠ ᠮᠥᠨ ᠯᠡ ᠮᠡᠷᠭᠡᠵᠢᠯ᠂ ᠳᠦᠷᠢᠮ ᠵᠡᠷᠭᠡ ᠬᠦᠴᠦᠨ ᠵᠦᠢᠯ ᠤᠨ ᠬᠢᠵᠠᠭᠠᠷᠯᠠᠯ ᠳᠤ ᠲᠤᠯᠭᠠᠷᠠᠵᠤ ᠪᠠᠶᠢᠨ᠎ᠠ᠃ | ᠪᠣᠳᠠᠲᠠᠢ ᠪᠠᠷ ᠬᠡᠯᠡᠪᠡᠯ ᠮᠠᠨ ᠤ ᠤᠯᠤᠰ ᠤᠨ ᠣᠷᠣᠨ ᠪᠦᠰᠡ ᠶᠢᠨ ᠬᠤᠭᠤᠷᠣᠨᠳᠣᠬᠢ᠂ ᠬᠤᠳᠠ ᠬᠥᠳᠡᠭᠡ ᠶᠢᠨ ᠬᠤᠭᠤᠷᠣᠨᠳᠣᠬᠢ᠂ ᠠᠵᠤ ᠦᠢᠯᠡᠰ ᠤᠨ | ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠬᠤᠭᠤᠷᠣᠨᠳᠣᠬᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢᠯᠡᠳᠲᠡ | ᠵᠥᠷᠢᠶ᠎ᠡ ᠲᠠᠢ ᠪᠠᠶᠢᠵᠤ᠂ ᠲᠤᠭ᠎ᠠ ᠪᠠᠷᠢᠮᠲᠠ ᠶᠢᠨ ᠭᠦᠢᠯᠭᠡᠭᠡ ᠶᠢ ᠨᠥᠯᠥᠭᠡᠯᠡᠵᠦ᠂ ᠬᠡᠷᠡᠭᠯᠡᠭᠡ ᠶᠢᠨ ᠰᠢᠨ᠎ᠡ ᠠᠬᠤᠢ ᠲᠠᠯᠠᠪᠣᠷ ᠤᠨ ᠥᠷᠭᠡᠵᠢᠬᠦ ᠶᠢ ᠬᠤᠷᠢᠭᠯᠠᠵᠤ᠂ | ᠬᠠᠩᠭᠠᠯᠭ᠎ᠠ ᠶᠢᠨ ᠲᠠᠯ᠎ᠠ ᠶᠢᠨ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠡᠷᠭᠡᠭ ᠲᠤᠰᠬᠠᠯ ᠭᠠᠷᠭᠠᠬᠤ ᠶᠢ ᠬᠠᠷᠰᠢᠯᠠᠪᠠ︔ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ | ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠤ ᠮᠥᠨ ᠯᠡ ᠳᠤᠲᠠᠭᠤᠳᠠᠯ ᠣᠷᠣᠰᠢᠵᠤ᠂ ᠠᠵᠤ ᠦᠢᠯᠡᠳᠪᠦᠷᠢ ᠶᠢᠨ ᠡᠵᠡᠮᠳᠡᠬᠦ ᠰᠢᠰᠲ᠋ᠧᠮ ᠵᠡᠷᠭᠡ ᠰᠠᠭᠤᠷᠢ ᠴᠢᠨᠠᠷᠲᠠᠢ | ᠮᠡᠷᠭᠡᠵᠢᠯ ᠤᠨ ᠬᠦᠷᠢᠶᠡᠨ ᠤ ᠭᠠᠳᠠᠭᠠᠳᠤ ᠳᠤ ᠲᠦᠰᠢᠭᠯᠡᠬᠦ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠬᠡᠷᠡᠭᠯᠡᠭᠡ ᠶᠢᠨ ᠳᠡᠰ ᠳᠡᠪᠰᠢᠯᠳᠠ ᠵᠡᠷᠦ ᠨᠢ ᠬᠡᠷᠡᠭᠯᠡᠭᠡ ᠶᠢᠨ | ᠳᠠᠪᠬᠤᠷᠭ᠎ᠠ ᠶᠢᠨ ᠰᠠᠶᠢᠵᠢᠷᠠᠭᠤᠯᠤᠯᠲᠠ ᠳᠤ ᠵᠣᠭᠰᠣᠩᠭᠢᠷᠠᠵᠤ᠂ ᠬᠠᠲᠠᠭᠤ ᠲᠤᠨᠤᠭ ᠠᠴᠠ ᠦᠢᠯᠡᠴᠢᠯᠡᠭᠡ ᠳᠤ ᠬᠦᠷᠬᠦ ᠰᠢᠰᠲ᠋ᠧᠮ ᠤᠨ ᠴᠢᠨᠠᠷᠲᠠᠢ ᠰᠢᠪᠲᠤᠯᠤᠯᠲᠠ ᠶᠢ | ᠪᠦᠷᠢᠯᠳᠦᠭᠦᠯᠬᠦ ᠳᠤ ᠪᠡᠷᠬᠡᠲᠡᠢ ᠪᠣᠯᠭᠠᠵᠠᠢ︔ ᠳ᠋ᠠᠶᠢᠲ᠋ᠠ ᠶᠢᠨ ᠡᠬᠢ ᠪᠠᠶᠠᠯᠢᠭ ᠤᠨ ᠭᠦᠢᠯᠭᠡᠭᠡᠨ ᠤ ᠪᠠᠬᠢᠯᠡᠯᠲᠡ ᠶᠢ ᠬᠠᠷᠠᠬᠠᠨ ᠲᠦᠢᠯᠪᠤᠷᠢᠲᠠᠢ ᠠᠷᠢᠯᠭᠠᠭᠠᠳᠤᠢ᠂ | ᠳ᠋ᠠᠶᠢᠲ᠋ᠠ ᠶᠢᠨ ᠬᠠᠷᠢᠶᠠᠯᠠᠯ ᠲᠣᠳᠣᠷᠬᠠᠢ ᠦᠭᠡᠢ᠂ ᠠᠷᠠᠯᠵᠢᠶᠠᠨ ᠤ ᠳᠦᠷᠢᠮ ᠲᠡᠭᠦᠯᠳᠡᠷ ᠪᠤᠰᠤ ᠵᠡᠷᠭᠡ ᠠᠰᠠᠭᠤᠳᠠᠯ ᠮᠥᠨᠬᠦ ᠣᠷᠣᠰᠢᠭᠰᠠᠭᠠᠷ ᠪᠠᠶᠢᠵᠤ᠂ ᠶᠡᠭᠡ | ᠬᠡᠮᠵᠢᠶᠡᠨ ᠤ ᠬᠡᠷᠡᠭᠯᠡᠭᠡ ᠶᠢᠨ ᠣᠷᠴᠢᠨ ᠨᠥᠬᠦᠴᠡᠯ ᠤᠨ ᠰᠢᠨ᠎ᠡ ᠡᠭᠦᠳᠦᠯᠲᠡ ᠶᠢ ᠬᠡᠪᠴᠢᠶᠡᠵᠢᠭᠦᠯᠦᠨ ᠬᠡᠷᠡᠭᠯᠡᠬᠦ ᠳᠤ ᠬᠦᠴᠢᠷᠲᠡᠢ ᠪᠣᠯᠭᠠᠵᠤ᠂ ᠬᠡᠷᠡᠭᠯᠡᠭᠡ ᠶᠢᠨ | ᠦᠢᠯᠡᠴᠢᠯᠡᠭᠡ ᠶᠢᠨ ᠣᠨᠣᠪᠴᠢ ᠶᠢᠨ ᠲᠦᠪᠰᠢᠨ ᠤ ᠳᠡᠭᠡᠭᠰᠢᠯᠡᠯᠲᠡ ᠶᠢ ᠬᠠᠷᠰᠢᠯᠠᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ | ᠭᠦᠨᠴᠡ ᠪᠠ ᠥᠷᠭᠡᠴᠡ ᠶᠢ ᠬᠢᠵᠠᠭᠠᠷᠯᠠᠪᠠ᠃ ᠳᠡᠭᠡᠷ᠎ᠡ ᠳᠤᠷᠠᠳᠤᠭᠰᠠᠨ ᠪᠣᠳᠠᠲᠤ ᠬᠢᠵᠠᠭᠠᠷᠯᠠᠯ ᠢ ᠡᠪᠳᠡᠵᠦ᠂ ᠲᠤᠭ᠎ᠠ ᠪᠠᠷᠢᠮᠲᠠ ᠪᠠ ᠪᠣᠳᠠᠲᠤ ᠠᠭᠤᠰᠤᠯᠴᠠᠯ ᠤᠨ | ᠬᠡᠷᠡᠭᠯᠡᠭᠡ ᠶᠢ ᠬᠥᠭᠵᠢᠭᠡᠬᠦ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠤᠯᠠᠮ ᠰᠠᠶᠢᠠ ᠪᠠᠳᠠᠷᠠᠭᠤᠯᠬᠤ ᠳᠤ ᠳᠣᠣᠷᠠᠬᠢ ᠬᠡᠳᠦᠨ ᠲᠠᠯ᠎ᠠ ᠪᠠᠷ ᠬᠦᠴᠦᠯᠡᠬᠦ ᠬᠡᠷᠡᠭᠲᠡᠢ᠃ | | ᠨᠢᠭᠡ ᠳᠤ᠂ ᠪᠥᠬᠦ ᠣᠷᠣᠨ ᠪᠦᠰᠡ ᠶᠢ ᠬᠠᠮᠤᠷᠴᠤ᠂ ᠥᠨᠳᠥᠷ ᠪᠦᠲᠦᠮᠵᠢᠲᠡᠶ ᠬᠠᠮᠵᠢᠯᠴᠠᠭᠰᠠᠨ ᠰᠢᠨ᠎ᠡ ᠬᠡᠯᠪᠡᠷᠢ ᠶᠢᠨ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠤᠨ | ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠨᠢ ᠥᠷᠭᠡᠨ ᠬᠡᠪᠴᠢᠶᠡᠨ ᠤ ᠰᠦᠯᠵᠢᠶ᠎ᠡ ᠶᠢ ᠬᠤᠯᠪᠣᠵᠤ ᠪᠥᠬᠦ ᠲᠠᠯ᠎ᠠ ᠪᠠᠷ ᠪᠦᠷᠬᠦᠭᠦᠯᠬᠦ ᠶᠢ ᠱᠠᠭᠠᠷᠳᠠᠬᠤ | ᠮᠥᠷᠲᠡᠭᠡᠨ ᠨᠠᠩ ᠴᠤ ᠣᠷᠣᠨ ᠪᠦᠰᠡ ᠠᠯᠤᠰᠯᠠᠭᠰᠠᠨ ᠪᠤᠳᠤᠬᠤ ᠬᠦᠴᠦᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠬᠤ ᠠᠴᠠ ᠰᠠᠯᠵᠤ ᠴᠢᠳᠠᠬᠤ | ᠦᠭᠡᠢ ᠶᠤᠮ᠃ ᠬᠤᠳᠠ ᠬᠥᠳᠡᠭᠡ ᠶᠢᠨ ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠦᠬᠦ ᠤᠯᠤᠰ ᠤᠨ ᠨᠢᠭᠡ | ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠬᠦᠢᠰᠦ ᠪᠠᠷᠢᠯᠭ᠎ᠠ ᠳᠤ ᠲᠦᠰᠢᠭᠯᠡᠨ᠂ ᠲᠠᠷᠠᠬᠠᠢ ᠪᠤᠲᠠᠷᠬᠠᠢ ᠪᠣᠳᠣᠯᠭ᠎ᠠ ᠶᠢᠨ | ᠬᠦᠴᠦᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠰᠢᠰᠲ᠋ᠧᠮ ᠳᠤ ᠣᠷᠣᠭᠤᠯᠵᠤ᠂ ᠥᠨᠳᠥᠷ ᠪᠦᠲᠦᠮᠵᠢᠲᠡᠢ ᠪᠣᠳᠣᠯᠭ᠎ᠠ ᠶᠢᠨ ᠬᠦᠴᠦᠨ ᠤ ᠬᠠᠩᠭᠠᠯᠭ᠎ᠠ ᠶᠢᠨ | ᠪᠠᠶᠢᠷᠢᠰᠢᠯ ᠢ ᠪᠦᠷᠢᠯᠳᠦᠭᠦᠯᠦᠨ᠎ᠡ᠃ ᠵᠢᠱᠢᠶᠡᠯᠡᠪᠡᠯ ᠭᠦᠢᠵᠧᠦ ᠶᠢᠨ ᠪᠠᠶᠢᠭᠤᠯᠤᠭᠰᠠᠨ ︽ᠵᠡᠭᠦᠨ ᠣᠷᠣᠨ ᠳᠤ ᠲᠣᠭᠠᠴᠠᠯᠠᠵᠦ ᠪᠠᠷᠠᠭᠤᠨ ᠣᠷᠣᠨ ᠳᠤ ᠪᠤᠳᠤᠬᠤ︾ | ᠵᠠᠩᠭᠢᠯᠠᠭ᠎ᠠ ᠶᠢᠨ ᠴᠡᠭ ᠨᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠡᠯᠧᠺᠳ᠋ᠷᠣᠨ ᠬᠤᠳᠠᠯᠳᠤᠭᠠᠨ ᠤ ᠲᠠᠪᠴᠠᠩ ᠳᠤ ᠡᠭᠦᠯᠡᠨ ᠪᠣᠳᠣᠯᠲᠠ ᠶᠢᠨ ᠳᠡᠮᠵᠢᠯᠭᠡ ᠬᠠᠩᠭᠠᠵᠤ | ᠂ ᠬᠡᠷᠡᠭᠯᠡᠭᠴᠢᠳ ᠲᠤ ᠲᠠᠸᠠᠷ ᠲᠠᠨᠢᠯᠴᠠᠭᠤᠯᠬᠤ ᠣᠨᠣᠪᠴᠢᠲᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠡᠨᠡ ᠬᠦ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ | ᠪᠠᠶᠢᠷᠢᠯᠠᠭᠤᠯᠤᠯᠲᠠ ᠶᠢᠨ ᠲᠠᠰ ᠳᠠᠪᠰᠢᠯᠲᠠ ᠨᠢ ᠮᠥᠨ ᠴᠢᠨᠠᠷ ᠳᠡᠭᠡᠷ᠎ᠡ ᠪᠠᠨ ᠮᠡᠷᠭᠡᠵᠢᠯ ᠤᠨ ᠲᠦᠭᠡᠮᠡᠯ ᠬᠠᠷᠠᠭᠠᠯᠵᠠᠯ ᠦᠵᠡᠭᠦᠯᠬᠦ ᠪᠠᠷ ᠳᠠᠮᠵᠢᠭᠤᠯᠤᠨ ᠭᠠᠵᠠᠷ ᠣᠷᠣᠨ ᠤ | ᠪᠠᠬᠢᠯᠡᠯᠲᠡ ᠶᠢ ᠡᠪᠳᠡᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠶᠢᠨ ᠰᠢᠨ᠎ᠡ ᠬᠡᠷᠡᠭᠯᠡᠭᠡ ᠶᠢᠨ ᠬᠡᠷᠡᠭᠴᠡᠭᠡ ᠲᠠᠢ ᠵᠠᠯᠭᠠᠯᠳᠤᠭᠤᠯᠵᠤ᠂ ᠰᠢᠶᠠᠨ ᠤ | ᠬᠡᠪᠴᠢᠶᠡᠨ ᠤ ᠦᠢᠯᠡᠳᠪᠦᠷᠢ ᠶᠢᠨ ᠦᠢᠯᠡᠳᠬᠦ ᠴᠢᠳᠠᠪᠤᠷᠢ ᠶᠢ ᠪᠥᠬᠦ ᠤᠯᠤᠰ ᠤᠨ ᠵᠠᠬ᠎ᠠ ᠳᠡᠯᠭᠡᠭᠦᠷ ᠤᠨ ᠬᠥᠳᠡᠯᠦᠩᠭᠦᠢ ᠬᠤᠪᠢᠷᠠᠯᠲᠠ ᠲᠠᠢ ᠢᠵᠢᠯ ᠠᠯᠬᠤᠮ ᠲᠠᠢ | ᠪᠠᠶᠢᠯᠭᠠᠬᠰᠠᠨ ᠶᠠᠪᠤᠳᠠᠯ ᠪᠣᠯᠣᠨ᠎ᠠ᠃ | ᠬᠤᠶᠠᠷ ᠲᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠭᠰᠠᠨ ᠮᠡᠷᠭᠡᠵᠢᠯ ᠤᠨ ᠪᠣᠭᠤᠮᠲᠠ ᠰᠢᠪᠲᠤᠯᠬᠤ ᠰᠢᠰᠲ᠋ᠧᠮ ᠢ ᠪᠠᠶᠢᠭᠤᠯᠤᠨ᠎ᠠ᠃ ᠨᠠᠩ | ᠣᠯᠠᠨ ᠠᠵᠤ ᠠᠬᠤᠶᠢᠯᠠᠯ ᠬᠠᠮᠲᠤᠷᠠᠨ ᠰᠢᠨ᠎ᠡ ᠶᠢ ᠡᠭᠦᠳᠬᠦ ᠪᠠᠷ ᠳᠡᠮᠵᠢᠨ ᠳᠣᠣᠷᠠᠳᠤ ᠳᠠᠪᠬᠤᠷᠭ᠎ᠠ ᠶᠢᠨ ᠮᠡᠷᠭᠡᠵᠢᠯ ᠤᠨ ᠦᠭᠡ ᠬᠡᠯᠡᠬᠦ ᠡᠷᠬᠡ ᠶᠢ ᠡᠵᠡᠮᠰᠢᠵᠦ᠂ | ᠣᠶᠤᠨᠴᠢ ᠦᠵᠦᠭᠦᠷᠯᠢᠭ ᠤᠨ ᠦᠢᠯᠡᠳᠬᠦᠨ ᠣᠷᠣᠯᠠᠭᠳᠠᠬᠤ ᠨᠢ ᠭᠠᠳᠠᠭᠠᠳᠤ ᠮᠡᠷᠭᠡᠵᠢᠯ ᠤᠨ ᠦᠶᠡᠯᠡᠯ ᠳᠤ ᠬᠢᠵᠠᠭᠠᠷᠯᠠᠭᠳᠠᠬᠤ ᠪᠠᠨ ᠪᠣᠯᠢᠵᠤ᠂ ᠬᠡᠷᠡᠭᠯᠡᠭᠴᠢᠳ ᠴᠦ | ᠦᠷᠭᠦᠯᠵᠢᠯᠡᠨ ᠨᠠᠩ ᠨᠠᠶᠢᠳᠠᠪᠤᠷᠢᠲᠠᠢ᠂ ᠲᠠᠰ ᠳᠡᠪᠰᠢᠭᠰᠡᠨ ᠪᠠᠶᠠᠴᠢᠯᠠᠨ ᠣᠶᠢᠯᠠᠭᠠᠯᠳᠠ ᠶᠢ ᠣᠯᠵᠦ᠂ ᠡᠴᠦᠰ ᠲᠡᠭᠡᠨ ᠮᠡᠷᠭᠡᠵᠢᠯ ᠤᠨ ᠪᠡᠶ᠎ᠡ ᠪᠠᠨ ᠳᠠᠭᠠᠭᠠᠬᠤ ᠪᠠ | ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠬᠤ ᠬᠤᠣᠰ ᠴᠢᠭᠯᠡᠯᠲᠦ ᠲᠣᠭᠲᠠᠴᠠ ᠶᠢ ᠪᠦᠷᠢᠯᠳᠦᠭᠦᠯᠬᠦ ᠪᠣᠯᠣᠨ᠎ᠠ᠃ ᠠᠵᠢᠯ ᠲᠥᠷᠥᠯ ᠤᠨ ᠳᠠᠭᠠᠭᠤᠯᠤᠭᠴᠢ ᠠᠵᠤ | ᠠᠬᠤᠶᠢᠯᠠᠯ ᠠᠴᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ ᠮᠡᠷᠭᠡᠵᠢᠯ ᠤᠨ ᠰᠤᠳᠤᠯᠤᠨ ᠨᠡᠭᠡᠭᠡᠬᠦ | ᠬᠢᠭᠡᠳ ᠬᠡᠷᠡᠭᠯᠡᠭᠡ ᠶᠢᠨ ᠪᠠᠶᠢᠳᠠᠯ ᠤᠨ ᠵᠥᠷᠢᠭᠳᠡᠯ ᠢ ᠨᠥᠬᠦᠪᠦᠷᠢᠯᠡᠵᠦ᠂ ᠬᠡᠷᠡᠭᠯᠡᠭᠡ ᠶᠢᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠮᠡᠷᠭᠡᠵᠢᠯ ᠤᠨ ᠰᠢᠪᠲᠤᠯᠤᠯᠲᠠ ᠶᠢ | ᠭᠡᠳᠡᠷᠭᠦ ᠰᠢᠬᠠᠮᠳᠠᠭᠤᠯᠵᠤ᠂ ᠰᠤᠳᠤᠯᠤᠨ ᠨᠡᠭᠡᠭᠡᠬᠦ ᠴᠢᠭᠯᠡᠯ ᠬᠢᠭᠡᠳ ᠵᠠᠬ᠎ᠠ ᠳᠡᠯᠭᠡᠭᠦᠷ ᠤᠨ ᠡᠪᠡᠷᠰᠢᠶᠡᠯ ᠴᠡᠭ ᠢ ᠣᠨᠣᠪᠴᠢᠲᠠᠶ ᠵᠣᠯᠭᠠᠭᠤᠯᠬᠤ ᠶᠢ ᠦᠨᠡᠨ ᠬᠦ | ᠪᠠᠲᠤᠯᠠᠭᠰᠠᠨ ᠮᠥᠷᠲᠡᠭᠡᠨ ᠪᠠᠰᠠ ᠠᠵᠤ ᠦᠢᠯᠡᠰ ᠤᠨ ᠬᠡᠯᠬᠢᠶ᠎ᠡ ᠪᠠᠷ ᠳᠠᠮᠵᠢᠭᠤᠯᠤᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠬᠠᠮᠵᠢᠯᠴᠠᠨ | ᠲᠦᠷᠭᠡᠳᠬᠡᠬᠦ ᠴᠢᠬᠤᠯᠠᠲᠠᠢ ᠪᠠᠶᠢᠨ᠎ᠠ᠃ | ᠭᠤᠷᠪᠠ ᠳᠤ᠂ ᠡᠷᠬᠡ ᠬᠠᠷᠢᠭᠤᠴᠠᠯᠭ᠎ᠠ ᠲᠣᠳᠣᠷᠬᠠᠢ᠂ ᠠᠮᠤᠷ ᠲᠦᠪᠰᠢᠨ ᠥᠨᠳᠥᠷ ᠪᠦᠲᠦᠮᠵᠢᠲᠡᠢ ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠲᠠᠰ ᠳᠠᠪᠬᠤᠷᠭ᠎ᠠ ᠲᠥᠷᠥᠯ ᠬᠤᠪᠢᠶᠠᠭᠰᠠᠨ ᠲᠤᠭ᠎ᠠ ᠪᠠᠷᠢᠮᠲᠠ ᠶᠢᠨ ᠠᠷᠠᠯᠵᠢᠶᠠᠨ ᠤ ᠲᠣᠣᠷ ᠰᠦᠯᠵᠢᠶ᠎ᠡ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ | ᠦᠨ᠎ᠡ ᠥᠷᠲᠡᠭ ᠢ ᠬᠥᠭᠵᠢᠭᠡᠨ᠎ᠡ᠃ ᠵᠢᠱᠢᠶᠡᠯᠡᠪᠡᠯ᠂ ᠱᠠᠩᠬᠠᠢ ᠶᠢᠨ ᠲᠤᠭ᠎ᠠ ᠪᠠᠷᠢᠮᠲᠠ ᠶᠢᠨ ᠠᠷᠠᠯᠵᠢᠶᠠᠨ ᠤ ᠭᠠᠵᠠᠷ ᠨᠢ ᠠᠵᠢᠯ ᠲᠥᠷᠥᠯ ᠤᠨ ᠲᠤᠭ᠎ᠠ ᠪᠠᠷᠢᠮᠲᠠ ᠶᠢᠨ | ᠣᠷᠣᠨ ᠵᠠᠢ ᠶᠢ ᠪᠠᠶᠢᠭᠤᠯᠬᠤ ᠪᠠ ᠲᠤᠭ᠎ᠠ ᠪᠠᠷᠢᠮᠲᠠ ᠶᠢ ᠲᠠᠰ ᠬᠤᠪᠢᠶᠠᠨ ᠬᠡᠷᠡᠭᠯᠡᠬᠦ ᠵᠢᠷᠤᠮᠵᠢᠯ ᠢ ᠲᠣᠭᠲᠠᠭᠠᠬᠤ ᠪᠠᠷ ᠳᠠᠮᠵᠢᠭᠤᠯᠤᠨ᠂ ᠲᠣᠭᠲᠠᠭᠠᠯ ᠳᠤ ᠨᠡᠶᠢᠴᠡᠬᠦ ᠠᠵᠤ | ᠠᠬᠤᠶᠢᠯᠠᠯ ᠤᠨ ᠡᠮᠴᠢᠯᠡᠭᠡᠨ ᠤ ᠬᠠᠷᠰᠢᠯ ᠦᠭᠡᠶᠢᠳᠡᠭᠦᠯᠦᠭᠰᠡᠨ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠵᠦ᠂ ᠡᠪᠡᠳᠴᠢᠲᠡᠨ ᠤ ᠬᠤᠪᠢ ᠶᠢᠨ | ᠨᠢᠭᠤᠴᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠡᠮᠴᠢᠯᠡᠭᠡᠨ ᠤ ᠪᠠᠭᠠᠵᠢ ᠬᠡᠷᠡᠭᠰᠡᠯ᠂ ᠰᠢᠨ᠎ᠡ ᠬᠡᠯᠪᠡᠷᠢ ᠶᠢᠨ ᠡᠮ ᠤᠨ ᠵᠦᠢᠯ ᠢ ᠰᠤᠳᠤᠯᠤᠨ | ᠨᠡᠭᠡᠭᠡᠬᠦ ᠳᠤ ᠬᠦᠴᠦᠨ ᠨᠡᠮᠡᠷᠢᠯᠡᠵᠦ᠂ ᠣᠯᠠᠨ ᠡᠰᠢᠵᠢᠭᠰᠡᠨ ᠡᠮᠴᠢᠯᠡᠭᠡᠨ ᠤ ᠬᠡᠷᠡᠭᠯᠡᠭᠡ ᠶᠢᠨ ᠰᠣᠩᠭᠤᠯᠲᠠ ᠬᠠᠩᠭᠠᠨ᠎ᠠ᠃ ᠳ᠋ᠠᠶᠢᠲ᠋ᠠ ᠶᠢᠨ ᠲᠣᠭᠲᠠᠭᠠᠯ ᠳᠤ ᠨᠡᠶᠢᠴᠡᠭᠦᠯᠦᠨ | ᠬᠡᠷᠡᠭᠯᠡᠬᠦ ᠶᠢ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠬᠤᠭᠤᠷᠣᠨᠳᠤ ᠬᠥᠭᠦᠷᠭᠡ ᠲᠠᠯᠪᠢᠵᠤ᠂ ᠬᠡᠷᠡᠭᠯᠡᠭᠡ ᠶᠢᠨ ᠰᠢᠨ᠎ᠡ ᠶᠢ | ᠡᠭᠦᠳᠬᠦ ᠳᠤ ᠡᠯᠪᠡᠭ ᠪᠠᠶᠠᠯᠢᠭ ᠳ᠋ᠠᠶᠢᠲ᠋ᠠ ᠶᠢᠨ ︽ᠰᠢᠮ᠎ᠡ ᠲᠡᠵᠢᠭᠡᠯ︾ ᠬᠠᠩᠭᠠᠨ᠎ᠠ᠃ | ︵ᠵᠣᠬᠢᠶᠠᠭᠴᠢ ᠶᠢᠨ ᠬᠠᠶ᠋ᠢᠬ᠄ ᠪᠡᠭᠡᠵᠢᠩ ᠶᠡᠭᠡ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ︶ |