ᠣᠳᠣᠬᠠᠨ ᠳᠤ᠂ ᠮᠠᠨ ᠤ ᠤᠯᠤᠰ ᠤᠨ ᠡᠯ᠎ᠡ ᠪᠤᠭᠤᠳᠠᠶ ᠶᠢᠨ ᠭᠤᠤᠯ ᠭᠠᠷᠤᠯᠲᠠ ᠶᠢᠨ ᠣᠷᠣᠨ ᠤ ᠪᠤᠭᠤᠳᠠᠶ ᠶᠢ ᠶᠡᠭᠡ ᠬᠡᠪᠴᠢᠶ᠎ᠡ ᠪᠠᠷ ᠮᠠᠰᠢᠨ ᠢᠶᠠᠷ ᠬᠤᠷᠢᠶᠠᠬᠤ | ᠠᠵᠢᠯ ᠢ ᠡᠮᠦᠨ᠎ᠡ ᠠᠴᠠ ᠤᠮᠠᠷᠠᠰᠢ ᠲᠦᠷᠭᠡᠨ ᠡᠬᠢᠭᠤᠯᠵᠤ ᠪᠠᠶᠢᠨ᠎ᠠ᠃ ᠠᠮᠤ ᠪᠤᠳᠠᠭ᠎ᠠ ᠠᠮᠤᠷ ᠲᠦᠪᠰᠢᠨ ᠪᠣᠯ ᠬᠥᠳᠡᠭᠡ ᠠᠵᠤ ᠠᠬᠤᠢ ᠲᠣᠭᠲᠠᠭᠤᠨ ᠪᠠᠶᠢᠵᠤ᠂ | ᠬᠥᠳᠡᠭᠡ ᠠᠵᠤ ᠠᠬᠤᠢ ᠲᠣᠭᠲᠠᠭᠤᠨ ᠪᠣᠯ ᠪᠦᠬᠦ ᠲᠠᠯ᠎ᠠ ᠳᠤ ᠰᠠᠨᠠᠭᠠᠴᠢᠯᠠᠭ᠎ᠠ ᠲᠠᠢ ᠪᠣᠯᠤᠨ᠎ᠠ᠃ ᠵᠣᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠤᠯᠬᠤ | ᠪᠣᠯ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠳᠠᠶᠢᠯᠠᠯᠳᠤᠭᠠᠨ ᠪᠣᠯᠤᠨ᠎ᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠦᠨᠳᠦ ᠡᠭᠦᠷᠭᠡ ᠶᠢ ᠪᠠᠲᠤ ᠡᠭᠦᠷᠭᠡᠯᠡᠬᠦ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠲᠤ ᠡᠵᠡᠮᠳᠡᠬᠦ ᠳᠤ ᠲᠦᠢᠯ ᠤᠨ ᠴᠢᠬᠤᠯᠠ ᠶᠤᠮ᠂ ᠡᠷᠬᠡᠪᠰᠢ | ᠡᠨᠡ ᠬᠦ ᠬᠠᠲᠠᠭᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ︽ᠠᠮᠤ ᠪᠤᠳᠠᠭ᠎ᠠ ᠶᠢ | ᠦᠨᠳᠦᠰᠦᠨ ᠳᠡᠭᠡᠨ ᠥᠪᠡᠰᠦᠪᠡᠨ ᠬᠠᠩᠭᠠᠬᠤ᠂ ᠠᠮᠤ ᠬᠦᠨᠡᠰᠦ ᠬᠠᠷᠢᠴᠠᠯᠠᠰᠢᠭᠦᠢ ᠠᠮᠤᠷ ᠲᠦᠪᠰᠢᠨ︾ ᠪᠠᠶᠢᠬᠤ ᠶᠢ ᠦᠨᠡᠨ ᠬᠦ ᠪᠠᠲᠤᠯᠠᠬᠤ ᠬᠠᠲᠠᠭᠤ ᠱᠠᠭᠠᠷᠳᠠᠯᠭ᠎ᠠ | ᠮᠥᠨ᠃ ᠵᠣᠨ ᠤ ᠠᠮᠤ ᠪᠤᠳᠠᠭᠠᠨ ᠤ ᠤᠨᠠᠯᠲᠠ ᠨᠢ ᠪᠥᠬᠦ ᠵᠢᠯ ᠤᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢᠨ ᠳᠥᠷᠪᠡᠨ ᠤ ᠨᠢᠭᠡ ᠣᠷᠴᠢᠮ ᠢ ᠯᠠ ᠡᠵᠡᠯᠡᠵᠦ | ᠪᠠᠶᠢᠭ᠎ᠠ ᠪᠣᠯᠪᠠᠴᠤ ᠵᠣᠨ ᠤ ᠠᠮᠤ ᠪᠤᠳᠠᠭᠠᠨ ᠤ ᠭᠤᠤᠯ ᠬᠦᠴᠦᠨ ᠪᠣᠯᠬᠤ ᠪᠣᠭᠤᠳᠠᠶ ᠨᠢ ᠮᠠᠨ ᠤ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠤᠯ | ᠠᠮᠤ ᠬᠦᠨᠡᠰᠦᠨ ᠤ ᠲᠥᠷᠥᠯ ᠵᠦᠢᠯ ᠳᠤ ᠬᠠᠷᠢᠶᠠᠯᠠᠭᠳᠠᠨ᠎ᠠ᠃ ᠠᠷᠠᠳ ᠤᠯᠠᠨ ᠤ ᠰᠢᠭᠤᠳ ᠬᠡᠷᠡᠭᠯᠡᠭᠡ ᠳᠤ ᠬᠤᠯᠪᠣᠭᠳᠠᠬᠤ ᠠᠮᠤ ᠬᠦᠨᠡᠰᠦ ᠶᠢ ᠶᠠᠭᠠᠬᠢᠭᠰᠠᠨ ᠴᠤ | ᠬᠥᠩᠭᠡᠪᠴᠢᠯᠡᠵᠦ ᠪᠣᠯᠬᠤ ᠦᠭᠡᠢ᠃ | ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ᠂ ᠬᠤᠷᠢᠶᠠᠬᠤ ᠭᠤᠭᠴᠤᠭ᠎ᠠ ᠳᠤ ︽ᠠᠮᠵᠢᠬᠤ︾ ᠢᠢ ᠲᠡᠷᠢᠭᠦᠨ ᠳᠤ ᠲᠠᠯᠪᠢᠵᠤ᠂ | ᠴᠤᠩᠬᠤᠪᠴᠢ ᠶᠢᠨ ᠬᠤᠭᠤᠴᠠᠭ᠎ᠠ ᠶᠢ ᠠᠮᠵᠢᠨ ᠪᠣᠭᠤᠳᠠᠶ ᠶᠢᠨ ᠬᠤᠷᠢᠶᠠᠬᠤ ᠳᠤ ᠲᠣᠬᠢᠷᠠᠮᠵᠢᠲᠠᠶ ᠲᠦᠷᠭᠡᠨ ᠬᠤᠷᠢᠶᠠᠬᠤ ᠶᠢ ᠪᠠᠲᠤᠯᠠᠬᠤ ᠬᠡᠷᠡᠭᠲᠡᠶ᠃ ᠵᠣᠨ ᠤ | ᠤᠯᠠᠷᠢᠯ ᠳᠤ ᠠᠭᠤᠷ ᠠᠮᠢᠰᠬᠤᠯ ᠬᠤᠪᠢᠷᠠᠯᠲᠠ ᠶᠡᠬᠡᠲᠡᠶ᠂ ᠴᠢᠩᠭ᠎ᠠ ᠰᠣᠯᠢᠭ ᠤᠷᠤᠰᠬᠠᠯ ᠤᠨ ᠠᠭᠤᠷ ᠠᠮᠢᠰᠬᠤᠯ ᠣᠯᠠᠨ ᠡᠭᠦᠰᠴᠦ᠂ ᠪᠣᠭᠤᠳᠠᠶ ᠶᠢᠨ ᠤᠨᠠᠯᠲᠠ ᠨᠢ | ᠮᠠᠭᠤ ᠠᠭᠤᠷ ᠠᠮᠢᠰᠬᠤᠯ ᠠᠴᠠ ᠪᠤᠯᠵᠤ ᠠᠮᠠᠷᠬᠠᠨ ᠪᠠᠭᠤᠷᠠᠳᠠᠭ᠃ ᠲᠤᠩᠭᠠᠯᠠᠭ ᠰᠠᠶᠢᠬᠠᠨ ᠠᠭᠤᠷ ᠠᠮᠢᠰᠬᠤᠯ ᠢ ᠠᠮᠵᠢᠨ ᠲᠦᠷᠭᠡᠨ ᠬᠠᠳᠤᠵᠤ᠂ ᠬᠠᠳᠠᠭᠠᠵᠤ᠂ | ᠪᠣᠭᠤᠳᠠᠶ ᠶᠢᠨ ᠤᠨᠠᠯᠲᠠ᠂ ᠶᠠᠰᠤ ᠴᠢᠨᠠᠷ ᠢ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠵᠠᠪᠳᠤᠨ ᠬᠤᠷᠢᠶᠠᠬᠤ ᠨᠢ ᠪᠠᠰᠠ ᠵᠠᠪᠳᠤᠨ ᠲᠠᠷᠢᠬᠤ ᠶᠢᠨ ᠲᠥᠯᠥᠭᠡ | ᠶᠤᠮ᠃ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠨᠢ ᠬᠤᠶᠢᠨ᠎ᠠ ᠬᠤᠶᠢᠨ᠎ᠠ ᠠᠴᠠ ᠪᠠᠨ ᠶᠠᠪᠤᠭᠳᠠᠵᠤ᠂ ᠪᠤᠭᠤᠳᠠᠢ ᠶᠢ ᠬᠤᠷᠢᠶᠠᠬᠤ ᠳᠤ ᠲᠣᠬᠢᠷᠠᠮᠵᠢᠲᠠᠢ | ᠲᠦᠷᠭᠡᠨ ᠬᠤᠷᠢᠶᠠᠬᠤ ᠶᠢ ᠠᠬᠢᠭᠤᠯᠬᠤ ᠨᠢ ᠪᠠᠰᠠ ᠴᠤ ᠳᠠᠷᠠᠭᠠᠴᠢ ᠶᠢᠨ ᠲᠠᠷᠢᠮᠠᠯ ᠢ ᠴᠠᠭ ᠲᠤᠬᠠᠢ ᠳᠤᠨᠢ ᠤᠷᠤᠭᠰᠢᠲᠠᠢ ᠲᠠᠷᠢᠬᠤ ᠶᠢᠨ ᠲᠥᠯᠥᠭᠡ ᠶᠤᠮ᠂ ᠥᠴᠦᠬᠡᠨ | ᠴᠦ ᠰᠠᠭᠠᠲᠠᠭᠠᠵᠤ ᠪᠣᠯᠬᠤ ᠦᠭᠡᠢ᠃ ᠣᠳᠣᠬᠠᠨ ᠳᠤ᠂ ᠪᠥᠬᠦ ᠤᠯᠤᠰ ᠤᠨ ᠵᠣᠨ ᠤ ᠠᠮᠤ ᠪᠤᠳᠠᠭ᠎ᠠ ᠶᠢᠨ ᠪᠣᠭᠤᠳᠠᠶ ᠶᠢᠨ ᠬᠤᠷᠢᠶᠠᠯᠲᠠ ᠶᠢᠨ ᠠᠬᠢᠴᠠ ᠨᠢᠭᠡᠨᠲᠡ | ᠳᠥᠷᠪᠡᠨ ᠬᠤᠪᠢ ᠶᠢ ᠳᠠᠪᠠᠵᠠᠶ᠂ ᠬᠤᠯᠪᠣᠭᠳᠠᠯ ᠪᠥᠬᠦᠶ ᠭᠠᠵᠠᠷ ᠣᠷᠣᠨ ᠤ ᠬᠢᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠭᠠᠨ ᠵᠠᠪᠳᠤᠨ ᠬᠤᠷᠢᠶᠠᠵᠤ ᠵᠠᠪᠳᠤᠨ ᠬᠠᠭᠰᠠᠭᠠᠬᠤ ᠵᠡᠷᠭᠡ ᠠᠵᠢᠯ ᠢ ᠥᠨᠳᠥᠷ ᠪᠦᠲᠦᠮᠵᠢᠲᠡᠶ | ᠵᠣᠬᠢᠶᠠᠨ ᠪᠠᠶᠢᠭᠤᠯᠤᠨ ᠰᠠᠶᠢᠲᠤᠷ ᠠᠳᠬᠤᠬᠤ ᠬᠡᠷᠡᠭᠲᠡᠶ᠃ | ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ᠂ ᠨᠥᠭᠡᠴᠡᠯᠡᠬᠦ ᠭᠤᠭᠴᠤᠭ᠎ᠠ ᠳᠤ ᠠᠵᠢᠯ ᠢᠶᠠᠨ ᠤᠷᠢᠳ ᠢᠶᠠᠷ ᠬᠢᠬᠦ ᠬᠡᠷᠡᠭᠲᠡᠢ᠃ ᠠᠮᠤ | ᠪᠤᠳᠠᠭᠠᠨ ᠤ ᠰᠢᠰᠲ᠋ᠧᠮ ᠤᠨ ᠬᠢᠨ ᠡᠷᠲᠡᠬᠡᠨ ᠠᠷᠭ᠎ᠠ ᠤᠬᠠᠭᠠᠨ ᠰᠦᠪᠡᠭᠴᠢᠯᠡᠵᠦ᠂ ᠰᠠᠩ ᠬᠥᠮᠥᠷᠭᠡ ᠶᠢᠨ ᠪᠠᠭᠲᠠᠭᠠᠮᠵᠢ᠂ ᠬᠥᠮᠦᠨ ᠬᠠᠷ᠎ᠠ᠂ ᠪᠡᠯᠡ ᠮᠥᠩᠭᠦ ᠵᠡᠷᠭᠡ | ᠡᠯᠧᠮᠧᠨ᠋ᠲ ᠤᠨ ᠪᠦᠷᠢᠨ ᠭᠦᠢᠴᠡᠳ ᠪᠠᠶᠢᠬᠤ ᠶᠢ ᠪᠦᠬᠦ ᠬᠦᠴᠦᠨ ᠢᠶᠠᠷ ᠪᠠᠲᠤᠯᠠᠵᠤ᠂ ︽ᠠᠮᠤ ᠪᠤᠳᠠᠭ᠎ᠠ ᠬᠤᠷᠢᠶᠠᠬᠤ ᠬᠥᠮᠦᠨ ᠲᠠᠢ᠂ ᠠᠮᠤ ᠪᠤᠳᠠᠭ᠎ᠠ ᠬᠤᠷᠢᠶᠠᠬᠤ | ᠵᠣᠭᠤᠰ ᠲᠠᠢ᠂ ᠠᠮᠤ ᠪᠤᠳᠠᠭ᠎ᠠ ᠬᠤᠷᠢᠶᠠᠬᠤ ᠬᠥᠮᠥᠷᠭᠡ ᠲᠠᠢ᠂ ᠠᠮᠤ ᠪᠤᠳᠠᠭ᠎ᠠ ᠵᠥᠭᠡᠭᠡᠪᠦᠷᠢᠯᠡᠬᠦ ᠲᠡᠷᠭᠡ ᠲᠠᠢ︾ ᠪᠠᠶᠢᠬᠤ ᠶᠢ ᠦᠨᠡᠨ ᠬᠦ ᠪᠠᠲᠤᠯᠠᠵᠤ᠂ | ᠲᠠᠷᠢᠶᠠᠴᠢᠳ ᠤᠨ ︽ᠲᠠᠷᠢᠭᠰᠠᠨ ᠠᠮᠤ ᠪᠤᠳᠠᠭ᠎ᠠ ᠪᠠᠨ ᠬᠤᠳᠠᠯᠳᠤᠨ ᠭᠠᠷᠭᠠᠵᠤ ᠲᠡᠶᠢᠯᠬᠦ︾ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠤᠶᠤᠨᠴᠢᠯᠠᠬᠰᠠᠨ᠂ | ᠮᠡᠳᠡᠭᠡ ᠵᠠᠩᠭᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠠᠮᠤ ᠪᠤᠳᠠᠭ᠎ᠠ ᠶᠢ ᠬᠥᠮᠥᠷᠭᠡ ᠳᠤ ᠨᠡᠩ ᠥᠨᠳᠥᠷ ᠪᠦᠲᠦᠮᠵᠢᠲᠡᠢ ᠣᠷᠣᠭᠤᠯᠤᠨ᠎ᠠ︔ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠴᠢᠨ ᠬᠢᠭᠡᠳ ᠠᠵᠤ ᠠᠬᠤᠶᠢᠯᠠᠯ ᠢ ᠵᠣᠯᠭᠠᠭᠤᠯᠬᠤ ᠶᠠᠪᠤᠳᠠᠯ ᠢ ᠴᠢᠩᠭᠠᠳᠬᠠᠨ᠂ ᠲᠠᠷᠢᠶᠠᠴᠢᠳ ᠤᠨ | ᠠᠮᠤ ᠪᠤᠳᠠᠭ᠎ᠠ ᠬᠤᠳᠠᠯᠳᠤᠬᠤ ᠶᠢᠨ ᠰᠠᠭᠠᠳ ᠦᠭᠡᠶ ᠪᠠᠶᠢᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠦᠨ᠎ᠡ ᠬᠠᠩᠰᠢ ᠶᠢ ᠵᠦᠢ ᠵᠣᠬᠢᠰᠲᠠᠶ ᠲᠦᠪᠰᠢᠨ ᠳᠤ | ᠪᠠᠶᠢᠯᠭᠠᠬᠤ ᠶᠢ ᠠᠬᠢᠭᠤᠯᠬᠤ ᠬᠡᠷᠡᠭᠲᠡᠶ᠃ | ︽ᠪᠤᠭᠤᠳᠠᠢ ᠲᠠᠷᠢᠶᠠᠨ ᠳᠠᠭᠠᠨ ᠪᠠᠶᠢᠬᠤ ᠦᠶ᠎ᠡ ᠳᠤ ᠪᠢᠲᠡᠭᠡᠢ ᠪᠠᠶᠠᠷᠯᠠᠭᠠᠷᠠᠢ᠂ ᠰᠠᠩ ᠬᠦᠮᠦᠷᠭᠡ ᠳᠡᠭᠡᠨ ᠬᠤᠷᠢᠶᠠᠵᠤ ᠠᠪᠤᠪᠠᠯ ᠰᠠᠶ᠋ᠢ ᠰᠠᠨᠠᠭ᠎ᠠ ᠠᠮᠤᠷ ᠪᠣᠯᠤᠨ᠎ᠠ︾᠃ | ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠬᠠᠮᠵᠢᠯᠴᠠᠨ ᠬᠠᠮᠲᠤᠷᠠᠯᠴᠠᠬᠤ ᠪᠠᠨ | ᠴᠢᠩᠭᠠᠳᠬᠠᠵᠤ᠂ ᠬᠠᠳᠤᠵᠤ ᠬᠤᠷᠢᠶᠠᠬᠤ᠂ ᠬᠤᠳᠠᠯᠳᠤᠨ ᠠᠪᠴᠤ ᠨᠥᠭᠡᠴᠡᠯᠡᠬᠦ ᠡᠯ᠎ᠡ ᠭᠤᠭᠴᠤᠭ᠎ᠠ ᠳᠤ ︽ᠨᠢᠭᠡᠨ ᠬᠡᠯᠬᠢᠶ᠎ᠡ︾ ᠢᠢ ᠨᠢᠭᠲᠠ ᠵᠣᠯᠭᠠᠭᠤᠯᠵᠤ᠂ ᠨᠠᠩ | ᠬᠦᠴᠦᠲᠡᠶ ᠠᠵᠢᠯ ᠤᠨ ᠠᠷᠭ᠎ᠠ ᠬᠡᠮᠵᠢᠶ᠎ᠡ᠂ ᠨᠠᠩ ᠬᠠᠯᠠᠭᠤᠨ ᠳᠤᠯᠠᠭᠠᠨ ᠦᠢᠯᠡᠴᠢᠯᠡᠭᠡᠨ ᠤ ᠪᠠᠲᠤᠯᠠᠭ᠎ᠠ ᠪᠠᠷ ᠥᠷᠭᠡᠨ ᠣᠯᠠᠨ ᠲᠠᠷᠢᠶᠠᠴᠢᠨ᠂ ᠲᠠᠷᠢᠶᠠᠯᠠᠩ ᠤᠨ ᠮᠠᠰᠢᠨ ᠤ | ᠠᠵᠢᠯᠲᠠᠨ ᠤ ᠡᠷᠬᠡ ᠠᠰᠢᠭ ᠪᠠ ᠢᠳᠡᠪᠬᠢᠵᠢᠯ ᠢ ᠰᠠᠶᠢᠲᠤᠷ ᠬᠠᠮᠠᠭᠠᠯᠠᠵᠤ᠂ ᠪᠣᠭᠤᠳᠠᠶ ᠶᠢᠨ ᠡᠯᠪᠡᠭ ᠬᠤᠷᠢᠶᠠᠯᠲᠠ ᠶᠢᠨ ︽ᠡᠴᠦᠰ ᠤᠨ ᠨᠢᠭᠡ ᠺᠢᠯᠣᠮᠧᠳ᠋ᠷ︾ ᠢ | ᠬᠠᠮᠲᠤ ᠪᠠᠷ ᠰᠠᠶᠢᠲᠤᠷ ᠪᠡᠶᠡᠯᠡᠭᠦᠯᠵᠦ᠂ ᠵᠣᠨ ᠤ ᠤᠯᠠᠷᠢᠯ ᠤᠨ ᠠᠮᠤ ᠲᠣᠰᠣᠨ ᠤ ᠡᠯᠪᠡᠭ ᠬᠤᠷᠢᠶᠠᠯᠲᠠ ᠶᠢ ᠴᠢᠷᠮᠠᠶᠢᠨ ᠲᠡᠮᠡᠴᠡᠨ ᠣᠯᠵᠤ᠂ ᠪᠥᠬᠦ ᠵᠢᠯ ᠤᠨ ᠠᠮᠤ | ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠬᠢᠯᠭᠠᠨ ᠮᠡᠳᠡᠭᠡ︶ |