ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12
    ᠤᠶᠢᠷ᠎ᠠ ᠳᠤ᠂ ᠣᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠨᠡᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠦᠨᠡᠨ ᠪᠣᠳᠠᠲᠠᠢ ᠨᠡᠶᠢᠲᠡᠯᠢᠭ ᠬᠡᠷᠡᠭ ᠤᠨ ᠵᠢᠱᠢᠶ᠎ᠡ ᠳᠤ ᠭᠦᠨᠵᠡᠭᠡᠢ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠳ ᠢ ᠪᠤᠷᠤᠭᠤ ᠲᠠᠯ᠎ᠠ ᠶᠢᠨ ᠵᠢᠭᠠᠬᠤ ᠮᠠᠲ᠋ᠧᠷᠢᠶᠠᠯ ᠢᠶᠠᠷ ᠰᠡᠷᠡᠮᠵᠢ ᠶᠢᠨ ᠳᠣᠬᠢᠶ᠎ᠠ ᠪᠣᠯᠭᠠᠵᠤ᠂ ᠡᠭᠦᠨ ᠤ ᠳᠤᠮᠳᠠ ᠠᠴᠠ ᠭᠦᠨᠵᠡᠭᠡᠢ ᠰᠤᠷᠭᠠᠮᠵᠢ ᠠᠪᠴᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠪᠣᠯᠤᠨ ᠬᠤᠪᠢ ᠬᠥᠮᠦᠨ ᠤ ᠶᠡᠷᠦᠩᠬᠡᠶᠢᠯᠡᠭᠰᠡᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠴᠠᠭᠠᠷᠠᠭᠰᠠᠨ ᠰᠤᠷᠲᠠᠯ᠂ ᠪᠣᠳᠠᠲᠠᠢ ᠶᠢ ᠡᠷᠬᠢᠮᠯᠡᠭᠰᠡᠨ ᠵᠢᠳᠬᠦᠯ ᠴᠢᠷᠮᠠᠶᠢᠯᠭ᠎ᠠ ᠪᠠᠷ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠦ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ ᠂ ᠰᠤᠷᠤᠯᠴᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠣᠯᠤᠨ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠺᠠᠳ᠋ᠷᠴᠤᠳ ᠢ ᠬᠦᠳᠦᠯᠦᠨ ᠵᠢᠯᠣᠭᠤᠳᠴᠤ ᠤᠬᠠᠮᠰᠠᠷ ᠠᠴᠠ ᠪᠠᠨ ᠰᠠᠬᠢᠯᠭ᠎ᠠ ᠪᠠᠲᠤ ᠶᠣᠰᠣ ᠲᠦᠷᠢᠮ ᠢ ᠵᠢᠷᠤᠮᠯᠠᠵᠤ᠂ ᠪᠦᠬᠦ ᠵᠡᠭᠡᠯᠢ ᠭᠤᠳᠤᠮᠵᠢ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ