5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠭᠡᠭᠡᠨ ᠭᠤᠣᠯ | ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ | ᠤᠳᠤᠷᠢᠳᠤᠯᠭ᠎ᠠ ᠬᠤ᠋ ᡁᠢ ᠸᠧᠨ᠂ ᠵᠠᠩ ᠬᠤᠸᠠ᠂ ᠵᠤᠤ ᠫᠧᠩ᠂ ᠰᠢᠤᠸᠠᠢ ᠳ᠋ᠠ ᠯᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠤᠶᠢᠷ᠎ᠠ ᠶᠢᠨ ᠬᠤᠭᠤᠴᠠᠭᠠᠨ ᠤ ᠠᠵᠢᠯ ᠤᠨ | ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠤᠯᠭᠤᠶᠠ ᠶᠢᠨ ᠷᠠᠰᠢᠶᠠᠨ ᠪᠠᠭᠤᠳᠠᠯ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠰᠢᠰᠲ᠋ᠧᠮ ᠲᠠᠢ | ᠲᠤᠬᠢᠷᠠᠭᠤᠯᠪᠠ᠃ | ᠬᠤᠷᠠᠯ ᠠᠴᠠ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠳᠤᠨ ᠤ ᠰᠢᠢᠳᠪᠦᠷᠢᠳᠦ ᠪᠤᠳᠤᠯᠭ᠎ᠠ ᠶᠢᠨ | ᠪᠠᠶᠢᠷᠢᠯᠠᠭᠤᠯᠤᠯᠳᠠ ᠲᠠᠢ ᠦᠨᠡᠨᠬᠦ ᠨᠢᠭᠡᠳᠭᠡᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠨᠢ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ᠂ ᠨᠡᠶᠢᠭᠡᠮ ᠤᠨ ᠬᠦᠭᠵᠢᠯᠳᠡ ᠶᠢ ᠠᠬᠢᠭᠤᠯᠬᠤ ︽ᠬᠦᠴᠦᠷᠭᠡᠭ ᠬᠦᠳᠡᠯᠭᠡᠭᠦᠷ︾ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠳᠠᠨᠢᠵᠤ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠤᠷᠳᠤᠴᠠ ᠶᠢ | ᠲᠦᠷᠭᠡᠳᠭᠡᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠠᠵᠢᠯ ᠤᠨ ᠪᠠᠶᠢᠷᠢ ᠳᠤ ᠨᠠᠷᠢᠯᠢᠬᠵᠢᠭᠤᠯᠤᠨ ᠬᠤᠪᠢᠶᠠᠷᠢᠯᠠᠵᠤ᠂ ᠬᠥᠮᠦᠨ ᠪᠣᠯᠭᠠᠨ ᠳᠤ ᠨᠠᠶᠢᠳᠠᠪᠤᠷᠢᠵᠢᠭᠤᠯᠤᠨ᠂ ᠶᠠᠪᠤᠳᠠᠯ ᠪᠦᠬᠦᠨ ᠳᠤ ᠠᠩᠬᠠᠷᠬᠤ ᠬᠥᠮᠦᠨ ᠲᠠᠢ᠂ | ᠶᠠᠪᠤᠳᠠᠯ ᠪᠦᠬᠦᠨ ᠳᠤ ᠬᠠᠷᠢᠭᠤ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠲᠥᠷᠥᠯ ᠵᠦᠢᠯ ᠤᠨ ᠭᠦᠢᠴᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠭᠠᠵᠠᠷ ᠰᠢᠷᠣᠢ ᠶᠢᠨ ᠠᠰᠢᠭᠯᠠᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠳᠤ ᠪᠠᠲᠤ ᠪᠠᠬᠢ ᠭᠠᠵᠠᠷ ᠰᠢᠷᠣᠢ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ | ᠪᠠᠶᠢᠴᠠᠭᠠᠬᠤ᠂ ᠬᠥᠳᠡᠯᠦᠩᠭᠦᠶ ᠪᠠᠷ ᠮᠥᠷᠳᠡᠬᠦ᠂ ᠲᠤᠰᠬᠠᠶ ᠵᠦᠢᠯ ᠢᠶᠠᠷ ᠮᠡᠳᠡᠭᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ᠂ ᠠᠬᠢᠭᠤᠯᠤᠭᠰᠠᠨ ᠢᠶᠠᠷ ᠤᠳᠠᠭᠠᠨ ᠨᠢᠭᠡᠴᠢ ᠪᠠ ᠬᠤᠪᠢ ᠬᠥᠮᠦᠨ ᠳᠤ ᠲᠦᠷᠢᠮ ᠲᠣᠭᠲᠠᠭᠠᠯ ᠰᠠᠬᠢᠯᠭ᠎ᠠ ᠪᠠᠲᠤ ᠪᠠᠷ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠶ᠃ | ᠬᠤᠷᠠᠯ ᠠᠴᠠ᠂ ᠣᠳᠣᠬᠠᠨ ᠳᠤ ᠶᠠᠭ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ᠂ ᠵᠠᠩᠭᠢᠯᠠᠭ᠎ᠠ ᠶᠢᠨ | ᠬᠤᠭᠤᠴᠠᠭᠠᠨ ᠳᠤ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ | ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ | ᠬᠡᠮᠵᠢᠶ᠎ᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠭᠡᠵᠦ︾᠂ ᠭᠡᠭᠡᠨ ᠭᠤᠣᠯ ᠬᠤᠳᠠ ᠶᠢᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |