ᠭᠡᠭᠡᠨ ᠭᠤᠣᠯ ᠬᠤᠲᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/13
    5 ᠰᠠᠷ᠎ᠠ ᠶᠢᠨ 23 ᠤ ᠡᠳᠦᠷ᠂ ᠭᠡᠭᠡᠨ ᠭᠤᠣᠯ ᠬᠤᠳᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ᠃    ᠬᠤᠷᠠᠯ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2024 ᠣᠨ ᠠᠴᠠ ᠨᠠᠰᠢᠬᠢ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠷᠯᠠᠨ ᠮᠡᠳᠡᠭᠳᠡᠪᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ ᠲᠣᠣᠷ ᠤᠨ ᠭᠡᠭᠡᠨ ᠭᠤᠣᠯ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠵᠡᠷᠭᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠭᠡᠰᠢᠭᠦᠳ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠷᠠᠭᠤᠯᠤᠨ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠵᠤ᠂ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠨᠠᠷᠢᠯᠢᠭ ᠬᠢᠵᠦ ᠰᠠᠶᠢᠲᠤᠷ ᠠᠳᠬᠤᠬᠤ ᠬᠡᠷᠡᠭᠲᠡᠢ᠃ ︽ᠨᠢᠭᠡ ᠭᠠᠷᠠᠭ ᠬᠤᠶᠠᠷ ᠰᠠᠷ᠎ᠠ︾ ᠳᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠳᠣᠪᠤᠶᠢᠯᠭᠠᠨ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ