ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ 6 ᠳ᠋ᠤᠭᠠᠷ ᠰᠠᠷ᠎ᠠ ᠶᠢᠨ 9 ᠤ ᠡᠳᠦᠷ᠂ ᠲᠦᠷᠦ ᠶᠢᠨ | ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢ ᠶᠠᠪᠤᠭᠳᠠᠭᠤᠯᠪᠠ᠃ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠷᠬᠢᠯᠡᠭᠴᠢ ᠯᠢᠦ ᠴᠢᠩ ᠲᠠᠶᠢᠯᠤᠮᠵᠢ ᠬᠢᠵᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ᠂ ᠯᠢᠦ ᠭᠦᠸᠧ ᠵᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | 6 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ | ᠦᠢᠯᠡᠰ ᠤᠨ ᠰᠢᠨ᠎ᠡ ᠡᠭᠦᠳᠦᠯᠲᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ | ᠲᠤᠰᠬᠠᠢ ᠰᠡᠳᠦᠪᠲᠦ ᠰᠤᠷᠤᠯᠴᠠᠯᠭ᠎ᠠ ᠶᠠᠪᠤᠭᠳᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ | ᠰᠢᠨᠬᠤᠸᠠ ᠬᠤᠷᠢᠶᠠᠨ ᠪ᠊ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠨᠢ ᠮᠡᠷᠭᠡᠵᠢᠯ ᠤᠨ | ᠰᠤᠳᠤᠯᠭᠠᠨ ᠨᠡᠭᠡᠭᠡᠯᠲᠡ᠂ ᠢᠨᠵᠧᠨᠧᠷᠢᠩ ᠤᠨ ᠰᠢᠯᠭᠠᠨ ᠭᠡᠷᠡᠴᠢᠯᠡᠭᠡ ᠪᠠ ᠠᠵᠤ ᠦᠢᠯᠡᠰᠵᠢᠭᠦᠯᠦᠯᠲᠡ᠂ ᠵᠠᠬ᠎ᠠ ᠳᠡᠯᠭᠡᠭᠦᠷᠴᠢᠯᠡᠯᠲᠡ ᠵᠡᠷᠭᠡ ᠠᠯᠢ ᠣᠯᠠᠨ | ᠭᠤᠭᠴᠤᠭ᠎ᠠ ᠶᠢ ᠥᠩᠭᠡᠷᠡᠭᠡᠬᠦ ᠳᠤ᠂ ᠠᠯᠢ ᠨᠢᠭᠡ ᠭᠤᠭᠴᠤᠭ᠎ᠠ ᠨᠢ ᠰᠠᠭᠠᠳ ᠲᠠᠢ ᠪᠠᠶᠢᠪᠠᠯ ᠴᠥᠮ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠨᠥᠯᠥᠭᠡᠯᠡᠨ᠎ᠡ | ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳᠠᠬᠢ | ᠰᠠᠭᠠᠳ ᠲᠦᠭᠵᠢᠷᠡᠯ ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠡᠬᠢ ᠡᠭᠦᠰᠦᠯ ᠳᠠᠬᠢ ᠤᠯᠠᠷᠢᠭᠤᠯᠬᠤ ᠲᠠᠯ᠎ᠠ ᠪᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠭᠠᠨ ᠨᠡᠭᠡᠭᠡᠯᠲᠡ ᠵᠢᠴᠢ ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠦᠨᠡᠯᠡᠯᠲᠡ ᠶᠢᠨ ᠲᠣᠭᠲᠠᠯᠴᠠᠭ᠎ᠠ ᠪᠠ ᠲᠣᠭᠲᠠᠴᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠢᠯᠡᠴᠢᠯᠡᠬᠦ | ᠵᠢᠩᠬᠢᠨᠢ ᠦᠷᠲᠡᠭ ᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢᠨ ᠨᠡᠶᠢᠯᠡᠯᠳᠦᠬᠦ | ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠯᠠᠷᠢᠭᠤᠯᠤᠨ ᠵᠣᠯᠭᠠᠭᠤᠯᠬᠤ ᠲᠠᠯ᠎ᠠ ᠪᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠥᠬᠦᠴᠡᠯ ᠲᠠᠢ ᠠᠵᠤ ᠠᠬᠤᠶᠢᠯᠠᠯ ᠢ ᠳᠡᠮᠵᠢᠵᠦ ᠪᠠᠶᠢᠭᠠᠳ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠢ ᠲᠦᠷᠦᠭᠦᠯᠡᠨ ᠬᠢᠯᠭᠡᠬᠦ ᠪᠤᠶᠤ ᠲᠡᠭᠦᠨ ᠳᠤ ᠣᠷᠣᠯᠴᠠᠭᠤᠯᠵᠤ᠂ ᠠᠵᠤ ᠠᠬᠤᠶᠢᠯᠠᠯ ᠪᠠ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠬᠤ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ | ᠤᠷᠢᠳᠠᠯᠲᠤ ᠪᠠᠶᠢᠳᠠᠯ ᠳᠤ ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠬᠠᠮᠲᠤ ᠪᠠᠷ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠢ ᠬᠠᠮᠲᠤᠷᠠᠨ ᠥᠷᠨᠢᠭᠦᠯᠬᠦ ᠬᠡᠷᠡᠭᠲᠡᠢ᠃ ᠤᠯᠠᠷᠢᠭᠤᠯᠤᠨ ᠬᠡᠷᠡᠭᠯᠡᠬᠦ ᠲᠠᠯ᠎ᠠ ᠪᠠᠷ᠂ ᠠᠩᠬᠠᠳᠠᠭᠴᠢ ᠮᠡᠷᠭᠡᠵᠢᠯ ᠪᠦᠲᠦᠭᠡᠯ | ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ ᠮᠡᠷᠭᠡᠵᠢᠯ ᠪᠠ ᠦᠢᠯᠡᠳᠬᠦᠨ ᠢ | ᠬᠡᠪᠴᠢᠶᠡᠵᠢᠭᠦᠯᠦᠨ ᠬᠡᠷᠡᠭᠯᠡᠬᠦ ᠳᠤ ᠪᠠᠨ ᠲᠠᠰᠤᠷᠠᠯᠲᠠ ᠦᠭᠡᠢ ᠳᠠᠪᠬᠤᠴᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠤᠶᠠᠯᠳᠤᠭᠤᠯᠬᠤ ᠪᠠᠨ ᠪᠠᠷᠢᠮᠲᠠᠯᠠᠵᠤ᠂ | ᠳᠡᠮᠵᠢᠬᠦ ᠲᠦᠷᠦ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠦᠷ᠎ᠡ ᠪᠦᠲᠦᠭᠡᠯ ᠤᠯᠠᠷᠢᠭᠤᠯᠬᠤ ᠲᠣᠭᠲᠠᠯᠴᠠᠭ᠎ᠠ ᠶᠢ ᠪᠦᠷᠢᠯᠳᠦᠭᠦᠯᠬᠦ ᠬᠡᠷᠡᠭᠲᠡᠢ᠃ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠯᠠᠷᠢᠭᠤᠯᠬᠤ ᠵᠢᠮ᠎ᠡ ᠶᠣᠰᠣ ᠶᠢ ᠵᠢᠷᠤᠮᠯᠠᠵᠤ᠂ ᠲᠤᠰᠢᠶᠠᠯ ᠤᠨ ᠬᠤᠭᠤᠴᠠᠭᠠᠨ ᠳᠠᠬᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠡᠷᠬᠡ ᠣᠯᠭᠤᠬᠤ ᠪᠠ ᠡᠳ᠋ ᠬᠥᠷᠥᠩᠭᠡ ᠶᠢ ᠠᠰ ᠲᠤ ᠨᠢ ᠵᠢᠭᠰᠠᠭᠠᠬᠤ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠪᠡᠯᠡ ᠮᠥᠩᠭᠦᠨ ᠤ ᠳᠡᠮᠵᠢᠯᠭᠡ ᠪᠠᠨ | ᠨᠡᠮᠡᠭᠳᠡᠭᠦᠯᠵᠦ᠂ ᠰᠡᠳᠬᠢᠮᠵᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ ᠬᠦᠴᠦᠨ ᠢ ᠨᠡᠩ ᠢᠯᠡᠭᠦᠦ ᠬᠡᠷᠡᠭᠯᠡᠵᠦ᠂ ᠨᠡᠶᠢᠭᠡᠮ ᠤᠨ | ᠬᠥᠷᠥᠩᠭᠡ ᠶᠢ ᠲᠠᠲᠠᠵᠤ ᠣᠷᠣᠭᠤᠯᠤᠯᠲᠠ ᠶᠢ ᠨᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠨᠡᠷᠡᠳᠬᠦᠨ ᠪᠠ | ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ | ᠬᠥᠭᠵᠢᠭᠦᠯᠵᠦ᠂ ᠤᠯᠠᠨ ᠡᠰᠢᠴᠢᠯᠡᠭᠰᠡᠨ ᠪᠡᠯᠡ ᠲᠣᠬᠢᠷᠠᠭᠤᠯᠬᠤ ᠠᠷᠭ᠎ᠠ ᠵᠠᠮ ᠢ ᠬᠠᠩᠭᠠᠬᠤ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ | ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠥᠯᠥᠪᠵᠢᠭᠦᠯᠬᠦ᠂ ᠬᠥᠲᠥᠯᠥᠨ ᠵᠢᠯᠣᠭᠤᠳᠬᠤ | ᠪᠠ ᠲᠡᠮᠵᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃ |