ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 10 ᠤ ᠴᠠᠭᠢᠯᠭᠠᠨ ᠮᠡᠳᠡᠭᠡ 6 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠺᠤᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ ᠯᠢ ᠽᠠᠢ ᠮᠢᠩ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠺᠤᠷᠢᠶᠠ ᠪᠣᠯ | ᠰᠢᠯᠵᠢᠰᠢ ᠦᠭᠡᠢ ᠬᠥᠷᠰᠢ ᠤᠯᠤᠰ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ ᠬᠤᠶᠠᠷ ᠤᠯᠤᠰ ᠢᠶᠠᠷ ᠢᠶᠠᠨ ᠦᠵᠡᠯ ᠤᠬᠠᠮᠰᠠᠷ ᠤᠨ | ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ | ᠬᠠᠷᠢᠯᠴᠠᠨ ᠠᠮᠵᠢᠯᠲᠠ ᠣᠯᠬᠤ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠪᠡ᠃ ᠡᠷᠡᠭᠦᠯ ᠪᠥᠭᠡᠳ ᠲᠣᠭᠲᠠᠭᠤᠨ᠂ ᠦᠷᠭᠦᠯᠵᠢᠯᠡᠨ ᠭᠦᠨᠵᠡᠭᠡᠶᠢᠷᠡᠭᠰᠡᠨ ᠳᠤᠮᠳᠠᠳᠤ | ᠺᠤᠷᠢᠶᠠ ᠶᠢᠨ ᠬᠠᠷᠢᠯᠴᠠᠭ᠎ᠠ ᠨᠢ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠵᠣᠬᠢᠴᠠᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ | ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠶᠤᠮ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠤᠷᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ ᠨᠥᠭᠦᠷᠰᠡᠭ | ᠪᠠᠶᠢᠬᠤ ᠴᠢᠭᠯᠡᠯ ᠢᠶᠠᠨ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠪᠠᠨ ᠪᠠᠷᠢᠮᠲᠠᠯᠠᠵᠤ᠂ ᠳᠤᠮᠳᠠᠳᠤ ᠺᠤᠷᠢᠶᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠲᠡᠶᠢᠰᠢ ᠳᠠᠪᠰᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠵᠢᠷᠭᠠᠯ ᠠᠪᠴᠢᠷᠠᠵᠤ᠂ ᠦᠢᠮᠡᠭᠡᠨ ᠳᠡᠪᠵᠢᠶᠡᠨ ᠰᠣᠯᠪᠢᠴᠠᠭᠰᠠᠨ ᠭᠠᠵᠠᠷ ᠣᠷᠣᠨ ᠪᠣᠯᠣᠨ ᠳᠡᠯᠡᠬᠡᠢ ᠶᠢᠨ ᠪᠠᠶᠢᠳᠠᠯ ᠳᠤ ᠨᠡᠩ ᠤᠯᠠᠨ | ᠲᠣᠬᠲᠠᠭᠠᠯᠲᠤ ᠴᠢᠨᠠᠷ ᠢ ᠨᠡᠮᠡᠷᠢᠯᠡᠪᠡᠯ ᠵᠣᠬᠢᠨ᠎ᠠ᠃ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ | ᠢᠲᠡᠭᠡᠯᠴᠡᠭᠡ ᠪᠠᠨ ᠨᠡᠮᠡᠭᠳᠡᠭᠦᠯᠤᠶᠡ︔ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠯᠣᠨ ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ | ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠪᠣᠯᠣᠨ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ | ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠺᠤᠷᠢᠶᠠ ᠶᠢᠨ ᠨᠥᠬᠦᠷᠯᠡᠯ ᠢ ᠬᠤᠶᠠᠷ ᠤᠯᠤᠰ ᠤᠨ | ᠠᠷᠠᠳ ᠲᠦᠮᠡᠨ ᠤ ᠰᠡᠳᠬᠢᠯ ᠳᠤ ᠦᠨᠳᠦᠰᠦᠯᠡᠭᠦᠯᠤᠶᠡ︔ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠴᠢᠬᠤᠯᠠ ᠶᠡᠭᠡ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠢ ᠭᠦᠨᠳᠦᠳᠭᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ | ᠢᠮᠠᠭᠲᠠ ᠵᠥᠪ ᠵᠠᠮ ᠢᠶᠠᠷ ᠤᠷᠤᠭᠰᠢ ᠬᠥᠭᠵᠢᠬᠦ ᠶᠢ ᠪᠠᠲᠤᠯᠠᠶ᠎ᠠ ᠭᠡᠵᠦ ᠴᠢᠬᠤᠯᠠᠴᠢᠯᠠᠪᠠ᠃ | ᠯᠢ ᠽᠠᠢ ᠮᠢᠩ ᠡᠭᠦᠨ ᠢ ᠰᠠᠶᠢᠰᠢᠶᠠᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠺᠤᠷᠢᠶᠠ ᠳᠤᠮᠳᠠᠳᠤ ᠶᠢᠨ ᠭᠠᠵᠠᠷ ᠵᠦᠢ ᠶᠢᠨ ᠪᠠᠶᠢᠷᠢᠯᠠᠯ ᠣᠶᠢᠷᠠᠯᠴᠠᠭ᠎ᠠ᠂ | ᠬᠤᠶᠠᠷ ᠲᠠᠯ᠎ᠠ ᠶᠢᠨ ᠶᠠᠪᠤᠯᠴᠠᠭ᠎ᠠ ᠥᠨᠢ ᠤᠳᠠᠭᠠᠨ ᠲᠡᠦᠬᠡ ᠲᠠᠢ᠂ ᠠᠵᠤ ᠠᠬᠤᠢ ᠠᠷᠠᠯᠵᠢᠶ᠎ᠠ᠂ ᠰᠣᠶᠣᠯ ᠤᠨ ᠬᠠᠷᠢᠯᠴᠠᠭ᠎ᠠ ᠨᠢᠭᠲᠠ ᠶᠤᠮ᠃ ᠲᠡᠷᠢᠭᠦᠯᠡᠭᠴᠢ ᠰᠢ ᠶᠢᠨ | ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠠᠭᠤᠤ ᠶᠡᠭᠡ ᠠᠮᠵᠢᠯᠲᠠ ᠪᠦᠳᠦᠮᠵᠢ ᠣᠯᠣᠭᠰᠠᠨ ᠨᠢ ᠬᠥᠮᠥᠰ ᠢ | ᠪᠢᠰᠢᠷᠡᠭᠦᠯᠦᠨ᠎ᠡ᠃ ᠪᠢ ᠺᠤᠷᠢᠶᠠ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ | ᠬᠠᠮᠲᠤ ᠪᠠᠷ ᠬᠤᠶᠠᠷ ᠲᠠᠯ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠤ ᠬᠤᠭᠤᠷᠣᠨᠳᠣᠭᠢ ᠬᠠᠶᠢᠷ᠎ᠠ ᠰᠡᠳᠬᠢᠯᠭᠡ ᠶᠢ ᠰᠠᠶᠢᠵᠢᠷᠠᠭᠤᠯᠤᠨ ᠵᠤᠵᠠᠭᠠᠳᠬᠠᠵᠤ᠂ ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠳᠤ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ |