ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ 6 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠣᠯᠣᠨ ᠺᠣᠩᠭᠣ᠋ ︵ᠪᠷᠠᠽᠡᠸᠢᠯ︶ ᠶᠢᠨ ᠶᠡᠷᠦᠩᠬᠡᠶᠢᠯᠡᠭᠴᠢ ᠰᠠᠰᠦ᠋ ᠲᠣᠰ ᠲᠣᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠵᠣᠬᠢᠴᠠᠭᠤᠯᠤᠭᠴᠢ ᠶᠢᠨ ᠰᠠᠶᠢᠳ ᠤᠨ ᠲᠠᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠲᠤᠰ ᠬᠤᠷᠠᠯ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 ᠵᠢᠯ ᠤᠨ ᠲᠤᠷᠰᠢ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠥᠷᠨᠢᠩᠭᠦᠢ ᠬᠥᠭᠵᠢᠯᠲᠡ ᠶᠢ ᠬᠦᠴᠦᠲᠡᠢ ᠲᠠᠶᠢᠴᠢᠯᠠᠵᠥ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠪᠠ᠃ ᠨᠢᠳᠤᠨᠤᠨ ᠤ 9 ᠰᠠᠷ᠎ᠠ ᠳᠤ ᠪᠢ ᠠᠹᠷᠢᠺᠠ ᠲᠢᠪ ᠤᠨ ᠤᠳᠤᠷᠢᠳᠬᠤ ᠬᠥᠮᠥᠰ ᠲᠠᠢ ᠬᠠᠮᠲᠤ ᠶᠠᠷᠢᠶᠠᠨ ᠤ | ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠭᠠᠷ ᠬᠤᠯᠪᠣᠨ ︽ᠵᠢᠷᠭᠤᠭᠠᠨ ᠣᠳᠣᠬᠢᠴᠢᠯᠠᠯᠲᠠ︾ ᠶᠢ ᠠᠬᠢᠭᠤᠯᠵᠤ᠂ ︽ᠠᠷᠪᠠᠨ ᠶᠡᠭᠡ | ᠬᠠᠨᠢᠲᠠᠨ ᠤ ᠠᠵᠢᠯᠯᠠᠭ᠎ᠠ︾ ᠶᠢ ᠬᠠᠮᠲᠤ ᠪᠠᠷ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢ ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ ᠶᠢᠨ | ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ ᠣᠷᠣᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ | ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠠᠵᠢᠯ ᠨᠢᠭᠡ ᠪᠦᠯᠦᠭ | ᠪᠠᠶᠠᠷᠯᠠᠭᠤᠰᠢᠲᠠᠢ ᠡᠮᠦᠨᠡᠬᠢ ᠬᠤᠭᠤᠴᠠᠭᠠᠨ ᠤ ᠠᠮᠵᠢᠯᠲᠠ ᠣᠯᠵᠠᠢ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠪᠠᠰᠠ 2026 ᠣᠨ ᠤ ︽ᠳᠤᠮᠳᠠᠳᠤ | ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠡᠳᠬᠡᠨ ᠡᠷᠭᠢᠯᠡᠭᠦ ᠲᠤᠬᠠᠢ ᠬᠠᠮᠲᠤ ᠶᠢᠨ ᠲᠠᠨᠢᠯᠲᠠ ᠲᠠᠢ ᠪᠣᠯᠪᠠ᠂ ᠡᠨᠡ ᠨᠢ ᠳᠤᠮᠳᠠᠳᠤ | ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠡᠭᠡᠳᠡᠷᠡᠭᠡᠨ ᠪᠤᠳᠤᠯᠢᠶᠠᠨᠲᠠᠢ ᠪᠠᠶᠢᠨ᠎ᠠ᠃ ᠳᠤᠮᠳᠠᠳᠤ ᠤᠯᠤᠰ ᠠᠴᠠ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ | ᠤᠯᠤᠰ ᠤᠨ ᠲᠣᠮᠣ ᠵᠠᠬ᠎ᠠ ᠳᠡᠯᠭᠡᠭᠦᠷ ᠢᠶᠠᠷ ᠠᠹᠷᠢᠺᠠ ᠲᠢᠪ ᠵᠡᠷᠭᠡ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠨᠢᠲᠠᠨ ᠳᠤ ᠰᠢᠨ᠎ᠡ ᠬᠥᠳᠡᠯᠭᠡᠬᠦ | ᠡᠨᠧᠷᠭᠢ ᠬᠠᠩᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ | ᠵᠥᠪᠳᠡᠯᠴᠡᠨ ᠲᠣᠭᠲᠠᠬᠤ ᠪᠠᠷ ᠳᠠᠮᠵᠢᠨ ᠲᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠲᠤ ᠭᠠᠶᠢᠯᠢ | ᠬᠤᠷᠢᠶᠠᠪᠠᠰᠤ ᠵᠣᠬᠢᠬᠤ 100% ᠶᠢᠨ ᠲᠦᠷᠦᠯ ᠵᠦᠢᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢᠨ ᠬᠠᠮᠲᠤ ᠠᠹᠷᠢᠺᠠ ᠲᠢᠪ ᠤᠨ ᠬᠠᠮᠤᠭ ᠤᠨ ᠬᠥᠭᠵᠢᠭᠡᠳᠦᠢ ᠤᠯᠤᠰ ᠤᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠳᠤ ᠨᠡᠩ ᠤᠯᠠᠨ | ᠲᠦᠭᠦᠮ ᠦᠵᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ | ᠂ ᠪᠣᠬᠢᠷᠳᠤᠯ ᠦᠭᠡᠢ ᠠᠵᠤ ᠦᠢᠯᠡᠰ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠪᠣᠯᠣᠨ ᠲᠣᠭᠠᠴᠠᠭ᠎ᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ | ᠤᠶᠤᠨ ᠴᠢᠳᠠᠪᠤᠷᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ᠂ ᠮᠥᠩᠭᠦᠨ ᠭᠦᠢᠯᠭᠡᠭᠡᠨ᠂ ᠬᠠᠤᠯᠢ ᠪᠠᠷ | ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠬᠥᠮᠥᠨ ᠤ ᠶᠢᠷᠲᠢᠨᠴᠦ ᠶᠢᠨ ᠵᠥᠪ ᠵᠠᠮ ᠮᠥᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠨᠢ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠶᠢᠨ ᠦᠢᠯᠡᠰ ᠲᠤ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠬᠦ ᠪᠣᠯᠣᠨ᠎ᠠ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠶᠠᠷᠢᠶᠠᠨ ᠤ | ᠲᠠᠪᠴᠠᠩ ᠤᠨ ᠢᠷᠡᠭᠡᠳᠦᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠠᠹᠷᠢᠺᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠳᠤᠮᠳᠠᠳᠤ ᠠᠹᠷᠢᠺᠠ ᠶᠢᠨ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠠᠰᠦ᠋ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ | ᠬᠤᠷᠠᠯᠳᠤᠭᠰᠠᠨ ᠠᠴᠠ ᠨᠠᠭᠠᠰᠢ ᠠᠹᠷᠢᠺᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ | ᠣᠯᠵᠠᠢ᠃ ᠲᠤᠰ ᠬᠤᠭᠤᠴᠠᠭᠠᠨ ᠤ ᠵᠣᠬᠢᠴᠠᠭᠤᠯᠤᠭᠴᠢ ᠶᠢᠨ ᠬᠤᠷᠠᠯ ᠨᠢ ᠶᠠᠭ ᠰᠠᠶᠢᠬᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ | ᠪᠠᠶᠢᠭᠤᠯᠤᠭᠳᠠᠭᠰᠠᠨ 25 ᠵᠢᠯ ᠤᠨ ᠤᠢ ᠳᠤ ᠲᠣᠬᠢᠶᠠᠭᠰᠠᠨ ᠪᠠᠶᠢᠨ᠎ᠠ᠃ ᠪᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠡᠷᠡᠰ ᠭᠤᠶᠢᠪᠢᠰᠢ ᠦᠭᠡᠢ ᠪᠠᠷ ᠲᠡᠷᠢᠭᠦᠯᠡᠭᠴᠢ | ᠰᠢ ᠶᠢᠨ ᠫᠢᠩ ᠲᠠᠢ ᠬᠠᠮᠲᠤ ᠪᠠᠷ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ | ᠪᠤᠯᠬᠤ ᠶᠢ ᠠᠬᠢᠭᠤᠯᠵᠤ᠂ ᠬᠤᠶᠠᠷ ᠲᠠᠯ᠎ᠠ ᠶᠢᠨ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠺᠣᠩᠭᠣ᠋ ︵ᠪᠷᠠᠽᠡᠸᠢᠯ︶ ᠨᠢ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠲᠤ ᠶᠢᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠳᠤᠷᠠᠲᠠᠶ᠎ᠠ ᠳᠤᠮᠳᠠᠳᠤ | ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠪᠤᠰᠤᠳ ᠤᠯᠤᠰ ᠤᠳ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ | ᠳᠣᠣᠷᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠠᠴᠠ ᠵᠠᠶᠢᠳᠠᠭᠰᠠᠨ ᠤᠯᠠᠨ ᠲᠦᠢᠯᠲᠤ ᠳᠡᠯᠡᠬᠡᠢ | ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠳᠡᠯᠡᠬᠡᠶᠢᠵᠢᠯᠲᠡ ᠶᠢᠨ ᠰᠢᠨ᠎ᠡ ᠴᠠᠭ ᠦᠶ᠎ᠡ ᠶᠢ ᠨᠡᠭᠡᠭᠡᠨ᠎ᠡ ᠭᠡᠵᠦ ᠢᠯᠡᠳᠬᠡᠪᠡ᠃ |